ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠤᠷᠳᠤᠨ  ᠤ ᠤᠷᠤᠯᠠᠭᠴᠢ ᠬᠤᠰᠢᠭᠤ ᠲᠠᠷᠤᠭ᠎ᠠ ᠸᠠᠩ ᠵᠢᠶᠦ᠋ᠨ ᠵᠢᠶᠧ ᠤᠷᠠᠳ ᠤᠨ ᠡᠮᠦᠨᠡᠳᠦ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 7 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠤᠷᠳᠤᠨ  ᠤ ᠤᠷᠤᠯᠠᠭᠴᠢ ᠬᠤᠰᠢᠭᠤ ᠲᠠᠷᠤᠭ᠎ᠠ ᠸᠠᠩ ᠵᠢᠶᠦᠨ ᠶᠦᠨ ᠵᠢᠶᠧ ᠤᠷᠠᠳ ᠤᠨ ᠡᠮᠦᠨᠡᠳᠦ ᠬᠤᠰᠢᠭᠤᠨ ᠤ ᠠᠮᠢ ᠠᠬᠤᠢ  ᠶᠢᠨ ᠤᠷᠴᠢᠨ ᠲᠤᠭᠤᠷᠢᠨ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠮᠤᠨᠠ ᠠᠭᠤᠯᠠ ᠴᠠᠬᠢᠯᠭᠠᠨ ᠭᠠᠷᠭᠠᠬᠤ ᠦᠢᠯᠡᠳᠪᠦᠷᠢ ᠳᠤ᠂ ᠠᠵᠤ ᠠᠬᠤᠶᠢᠯᠠᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠴᠡᠭᠴᠡᠯᠡᠨ ᠰᠠᠶᠢᠵᠢᠷᠠᠭᠤᠯᠬᠤ ᠲᠦᠷᠦᠯ ᠵᠦᠢᠯ ᠤᠨ ᠪᠠᠶᠢᠳᠠᠯ ᠢ ᠤᠶᠢᠯᠠᠭᠠᠵᠤ᠂ ᠲᠡᠭᠡᠳᠦ ᠱᠠᠳᠣᠨ  ᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠶᠢ ᠲᠦᠷᠭᠡᠳᠭᠡᠨ ᠠᠬᠢᠭᠤᠯᠵᠤ᠂ ᠠᠰᠠᠭᠤᠳᠠᠯ ᠢᠯᠡᠷᠡᠪᠡᠯ ᠪᠠᠷᠢᠨ ᠬᠡᠷᠡᠭᠵᠢᠬᠦᠯᠵᠦ ᠪᠡᠷᠢᠨ ᠵᠠᠯᠠᠷᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠶᠠᠪᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠳᠡᠢ ᠬᠡᠰᠡᠨ ᠪᠠᠶᠢᠨ᠎ᠠ᠃       ᠠᠵᠤ ᠦᠢᠯᠡᠳᠪᠦᠷᠢ ᠶᠢᠨ ᠲᠤᠭᠤᠷᠢᠭ ᠳᠤ ᠦᠪᠦᠷ ᠮᠤᠩᠭᠤᠯ ᠤᠨ ᠲᠢᠶᠠᠨ ᠢ ᠶᠤᠸᠠᠨ ᠰᠢᠨ᠎ᠡ ᠡᠨᠧᠷᠬᠢ ᠶᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ᠂ ᠶᠢᠨ ᠱᠧᠩ ᠬᠤᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠳ᠋ᠦᠩ ᠯᠢ ᠬᠡᠷᠡᠯᠯᠢᠭ ᠴᠠᠬᠢᠯᠭᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠡᠷᠭᠡ ᠭᠠᠵᠠᠷ ᠢᠶᠠᠷ ᠬᠦᠷᠴᠦ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠱᠢ ᠸᠠᠩ ᠴᠢᠩ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ  ᠤ ᠲᠡᠳ᠋ ᠬᠤᠰᠢᠭᠤ ᠲᠠᠷᠤᠭ᠎ᠠ ᠶᠢᠨ ᠵᠢᠱᠢᠭᠳᠡᠭᠴᠢ ᠰᠠᠷᠠᠨᠴᠠᠴᠡᠭ᠂ ᠠᠮᠢ ᠠᠬᠤᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠶᠢᠨ ᠤᠷᠠᠳ ᠤᠨ ᠡᠮᠦᠨᠡᠳᠦ ᠬᠤᠰᠢᠭᠤᠨ ᠤ ᠬᠤᠪᠢᠶᠠᠷᠢ ᠲᠤᠪᠴᠢᠶ᠎ᠠ᠂ ᠪᠠᠴᠢᠮ ᠢ ᠠᠷᠭᠠᠴᠠᠭᠠᠬᠤ ᠬᠠᠮᠢᠶᠠᠷᠣᠯᠳᠠ ᠶᠢᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠤᠯᠴᠠᠪᠠ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ