ᠤᠷᠠᠳ ᠤᠨ ᠡᠮᠦᠨᠡᠳᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠬᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡ ᠶᠢᠨ ᠦᠯᠡᠳᠡᠭᠳᠡᠯ ᠦᠨᠡᠮᠯᠡᠯ ᠬᠦᠢᠴᠡᠳᠬᠡᠬᠦ ᠳᠤ ᠬᠦᠴᠢᠷ ᠪᠠᠶᠢᠳᠠᠯ ᠳᠤ ᠲᠤᠰᠬᠠᠢ ᠬᠢᠨᠠᠨ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2021/9/15
      ᠣᠶᠢᠷ᠎ᠠ ᠶᠢᠨ ᠡᠳᠦᠷ ᠤᠷᠠᠳ ᠤᠨ ᠡᠮᠦᠨᠡᠳᠦ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠢ ᠬᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡ ᠶᠢᠨ ᠦᠯᠡᠳᠡᠭᠳᠡᠯ ᠦᠨᠡᠮᠯᠡᠯ ᠬᠦᠢᠴᠡᠳᠬᠡᠬᠦ ᠳᠤ ᠬᠦᠴᠢᠷ ᠪᠠᠶᠢᠳᠠᠯ ᠢ ᠲᠤᠰᠬᠠᠢ ᠬᠢᠨᠠᠨ ᠪᠠᠶᠢᠴᠠᠭᠠᠬᠤ ᠲᠤᠭᠤᠶᠢᠯᠠᠩ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠨᠢᠬᠡᠳᠦᠬᠡᠷ ᠠᠰᠠᠷ ᠤᠨ ᠪᠠᠷᠠᠭᠤᠨ ᠲᠢᠩᠭᠢᠮ ᠤᠨ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠲᠦᠪ ᠪᠠ ᠽᠢ ᠳ᠋ᠦᠩ ᠪᠠᠷᠢᠯᠭ᠎ᠠ ᠶᠢᠨ ᠮᠠᠲ᠋ᠧᠷᠢᠶᠠᠯ ᠤᠨ ᠭᠠᠵᠠᠷ ᠤᠨ ᠡᠮᠦᠨ᠎ᠡ ᠠᠰᠠᠷ  ᠲᠠᠬᠢ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠬᠤᠪᠢᠶᠠᠷᠢ ᠲᠢᠩᠭᠢᠮ ᠳᠤ ᠬᠦᠷᠴᠦ᠂ ᠬᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡ ᠶᠢᠨ ᠦᠯᠡᠳᠡᠭᠳᠡᠯ ᠦᠨᠡᠮᠯᠡᠯ ᠬᠦᠢᠴᠡᠳᠬᠡᠬᠦ ᠳᠤ ᠬᠦᠴᠢᠷ ᠠᠰᠠᠭᠤᠳᠠᠯ ᠤᠨ ᠠᠬᠢᠴᠠ ᠶᠢᠨ ᠪᠠᠶᠢᠳᠠᠯ ᠢ ᠬᠢᠨᠠᠨ ᠪᠠᠶᠢᠴᠠᠭᠠᠪᠠ᠃       ᠬᠢᠨᠠᠨ ᠪᠠᠶᠢᠴᠠᠭᠠᠬᠤ ᠲᠤᠭᠤᠶᠢᠯᠠᠩ ᠠᠴᠠ᠂ ᠨᠢᠬᠡ ᠳᠤ ᠴᠤᠩᠬᠤᠪᠴᠢ ᠶᠢᠨ ᠠᠵᠢᠯᠳᠠᠨ ᠤ ᠠᠵᠢᠯ ᠤᠨ ᠰᠤᠷᠳᠠᠯ᠂ ᠦᠢᠯᠡᠴᠢᠯᠡᠬᠡᠨ ᠤ ᠤᠪᠤᠷ ᠤᠨ ᠬᠠᠮᠢᠶᠠᠷᠤᠯᠳᠠ ᠪᠠᠨ ᠴᠢᠩᠭᠠᠳᠬᠠᠵᠤ᠂ ᠤᠯᠠᠨ ᠲᠦᠮᠡᠨ ᠲᠠᠢ ᠬᠡᠷᠡᠯᠳᠦᠬᠦ᠂ ᠮᠦᠷᠭᠦᠯᠳᠦᠬᠡᠨ ᠭᠠᠷᠬᠤ ᠵᠡᠷᠭᠡ ᠠᠰᠠᠭᠤᠳᠠᠯ ᠠᠴᠠ ᠵᠠᠶᠢᠯᠠᠰᠬᠢᠬᠦ ᠬᠡᠷᠡᠭᠳᠡᠢ︔ ᠬᠤᠶᠠᠷ ᠲᠤ ᠦᠨᠡᠮᠯᠡᠯ ᠬᠦᠢᠴᠡᠳᠬᠡᠬᠦ ᠬᠠᠷᠠᠭᠠᠯᠵᠠᠯᠠᠯᠳᠤ ᠲᠦᠷᠦ ᠶᠢᠨ ᠪᠤᠳᠤᠯᠭ᠎ᠠ᠂ ᠦᠨᠡᠮᠯᠡᠯ ᠬᠦᠢᠴᠡᠳᠬᠡᠬᠦ ᠴᠠᠭ ᠬᠤᠭᠤᠴᠠᠭ᠎ᠠ᠂ ᠦᠨᠡᠮᠯᠡᠯ ᠬᠦᠢᠴᠡᠳᠬᠡᠬᠦ ᠶᠠᠪᠤᠴᠠ᠂ ᠦᠢᠯᠡᠴᠢᠯᠡᠬᠡᠨ ᠤ ᠠᠮᠠᠯᠠᠯᠳᠠ ᠬᠢᠬᠦ ᠵᠡᠷᠭᠡ ᠶᠢ ᠴᠢᠩᠭᠠᠳᠬᠠᠵᠤ᠂ ᠬᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ 9 ᠰᠠᠷ᠎ᠠ ᠶᠢᠨ ᠡᠴᠦᠰ ᠠᠴᠠ ᠡᠮᠦᠨ᠎ᠡ ᠲᠦᠪᠯᠡᠷᠡᠭᠦᠯᠦᠨ ᠪᠠᠷᠠᠭᠠᠬᠤ ᠬᠡᠷᠡᠭᠳᠡᠢ︔ ᠭᠤᠷᠪᠠ ᠳᠤ ᠦᠨᠡᠮᠯᠡᠯ ᠬᠦᠢᠴᠡᠳᠬᠡᠬᠦ ᠳᠤ ᠬᠦᠴᠢᠷ ᠠᠰᠠᠭᠤᠳᠠᠯ ᠢ ᠪᠡᠶᠡᠯᠡᠬᠦᠯᠬᠦ ᠠᠷᠠᠳ ᠲᠤ ᠲᠦᠬᠦᠮ ᠦᠵᠡᠬᠦᠯᠬᠦ ︿︿ᠭᠠᠷᠠᠭ ᠤᠨ ᠰᠡᠭᠦᠯᠴᠢ ᠪᠠᠷ ᠪᠠᠶᠠᠯᠠᠬᠦᠯᠬᠦ﹀﹀ ︿︿ᠤᠷᠤᠢ ᠪᠠᠷ ᠪᠠᠶᠠᠯᠠᠬᠦᠯᠬᠦ﹀﹀ ᠠᠷᠭ᠎ᠠ ᠠᠪᠴᠤ ᠤᠯᠠᠨ ᠲᠦᠮᠡᠨ ᠳᠤ ᠮᠡᠳᠡᠬᠦᠯᠵᠦ᠂ ᠨᠠᠢᠮᠠᠨ ᠴᠠᠭ ᠠᠴᠠ ᠭᠠᠳᠠᠨ᠎ᠠ ᠠᠵᠢᠯᠯᠠᠬᠤ ᠴᠠᠭ ᠤᠨ ᠲᠠᠷᠠᠭᠠᠯᠠᠯ ᠢ ᠢᠯᠠ ᠭᠠᠵᠠᠷ  ᠲᠤ ᠨᠠᠭᠠᠵᠤ᠂ ᠲᠦᠭᠵᠢᠷᠡᠬᠦ ᠠᠴᠠ ᠰᠡᠷᠬᠡᠶᠢᠯᠡᠬᠦ ᠬᠡᠷᠡᠭᠳᠡᠢ︔ ᠲᠦᠷᠪᠡ ᠳᠤ ᠤᠯᠠᠭᠠᠨᠴᠠᠪ ᠤᠨ ᠵᠢᠨᠢᠩ ᠬᠤᠳᠠ ᠶᠢᠨ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠲᠢᠩᠭᠢᠮ ᠤᠨ ᠨᠡᠶᠢᠳᠡᠯᠢᠭ ᠬᠡᠷᠡᠭ ᠤᠨ ᠵᠢᠱᠢᠶ᠎ᠡ ᠪᠠᠷ ᠰᠤᠷᠭᠠᠮᠵᠢ ᠪᠤᠯᠭᠠᠵᠤ᠂ ᠬᠤᠰᠢᠭᠤᠨ ᠤ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠲᠦᠪ ᠲᠤ ᠦᠨᠡᠮᠯᠡᠯ ᠬᠦᠢᠴᠡᠳᠬᠡᠬᠦ ᠦᠷ᠎ᠡ ᠳ᠋ᠦᠩ ᠲᠤᠤᠷ᠎ᠠ᠂ ᠴᠠᠭ ᠬᠤᠭᠤᠴᠠᠭ᠎ᠠ ᠨᠢ ᠣᠷᠳᠤ᠂ ᠠᠵᠢᠯᠳᠠᠨ ᠪᠤᠯᠤᠨ ᠲᠠᠮᠵᠢᠯᠠᠨ ᠬᠤᠳᠠᠯᠳᠤᠭᠴᠢ ᠬᠠᠷᠢᠯᠴᠠᠨ ᠬᠤᠤᠪᠢᠯᠳᠤᠵᠤ ᠵᠤᠭᠤᠰ ᠬᠤᠨᠵᠢᠬᠤ ᠠᠰᠠᠭᠤᠳᠠᠯ ᠭᠠᠷᠬᠤ ᠠᠴᠠ ᠰᠡᠷᠬᠡᠶᠢᠯᠡᠬᠦ ᠬᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ