ᠤᠷᠠᠤᠨ ᠤᠨ ᠳᠤᠮᠳᠠᠳᠤ ᠬᠤᠰᠢᠭᠤᠨ ᠤ ᠠᠩᠬᠠᠳᠠᠭᠴᠢ ᠪᠦᠯᠦᠭ ᠤᠯᠤᠰ ᠤᠨ ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠮᠠᠯᠵᠢᠬᠤ ᠣᠷᠣᠨ ᠤ ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶ᠋ᠯᠡᠴᠢᠯᠡᠭᠡᠨ ᠤ ᠥᠷᠲᠡᠭᠡ ᠵᠢᠩᠬᠢᠨᠢ ᠪᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2021/9/15
      2021 ᠣᠨ ᠳᠤ᠂ ᠤᠷᠠᠳ ᠤᠨ ᠳᠤᠮᠳᠠᠳᠤ ᠬᠤᠰᠢᠭᠤ ᠤᠯᠤᠰ ᠤᠨ ᠲᠠᠰ ᠤᠨ  ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠲᠥᠷᠥᠯ ᠵᠦᠶ᠋ᠯ ᠢ ᠤᠯᠪᠠ᠃ 8 ᠰᠠᠷ᠎ᠠ ᠶᠢᠨ 25 ᠤ ᠡᠳᠦᠷ᠂ ᠤᠷᠠᠤᠨ ᠤᠨ ᠳᠤᠮᠳᠠᠳᠤ ᠬᠤᠰᠢᠭᠤᠨ ᠤ ᠠᠩᠬᠠᠳᠠᠭᠴᠢ ᠪᠦᠯᠦᠭ ᠤᠯᠤᠰ ᠤᠨ  ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ  ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠮᠠᠯᠵᠢᠬᠤ ᠣᠷᠣᠨ ᠤ ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶ᠋ᠯᠡᠴᠢᠯᠡᠭᠡᠨ ᠤ ᠥᠷᠲᠡᠭᠡ ᠫᠠᠶᠢᠰᠠ ᠣᠯᠭᠤᠬᠤ ᠶᠣᠰᠣᠯᠠᠯ ᠶᠠᠪᠤᠭᠤᠯᠪᠠ᠂ ᠡᠨᠡ ᠨᠢ ᠤᠷᠠᠳ ᠤᠨ ᠳᠤᠮᠳᠠᠳᠤ ᠬᠤᠰᠢᠭᠤᠨ ᠤ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠨᠢ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶ᠋ᠯᠡᠴᠢᠯᠡᠭᠡᠨ ᠤ ᠥᠷᠲᠡᠭᠡ ᠪᠣᠯ ᠬᠤᠰᠢᠭᠤᠨ ᠤ  ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠥᠪ ᠤᠨ ᠰᠠᠭᠤᠷᠢ ᠪᠤᠯᠤᠨ ᠦᠷᠭᠦᠯᠵᠢᠯᠡᠯ ᠪᠠᠶᠢᠵᠤ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠳᠤ ᠰᠢᠭᠤᠳ ᠦᠶ᠋ᠯᠡᠴᠢᠯᠡᠬᠦ ᠪᠣᠯᠤᠨ᠎ᠠ᠃  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶ᠋ᠯᠡᠴᠢᠯᠡᠭᠡᠨ ᠤ ᠥᠷᠲᠡᠭᠡ ᠨᠢ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ᠂ ᠪᠣᠷᠣᠯᠠᠭᠤᠯᠬᠤ᠂ ᠰᠦᠶ᠋ᠳᠬᠡᠯ ᠲᠤᠰᠢᠶᠠᠬᠤ᠂ ᠶᠠᠪᠤᠵᠤ ᠰᠠᠭᠤᠬᠤ᠂ ᠵᠤᠭ᠎ᠠ ᠴᠡᠩᠭᠡᠯ᠂ ᠠᠰᠠᠭᠤᠨ ᠯᠠᠪᠯᠠᠬᠤ᠂ ᠠᠳᠠᠯ ᠦᠶ᠋ᠯᠡᠰ ᠴᠣᠭᠴᠠᠯᠠᠬᠤ ᠵᠡᠷᠭᠡ ᠦᠶ᠋ᠯᠡᠴᠢᠯᠡᠭᠡ ᠬᠠᠩᠭᠠᠨ᠂ ᠡᠯ᠎ᠡ ᠰᠤᠮᠤ ᠪᠠᠯᠭᠠᠰᠤ ᠲᠠᠯᠠᠪᠠᠶ ᠶᠢᠨ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠤ ᠦᠶ᠋ᠯᠡᠳᠪᠦᠷᠢᠯᠡᠯ ᠠᠮᠢᠳᠤᠷᠠᠯ ᠳᠤ ᠲᠦᠢᠯ  ᠤᠨ ᠶᠡᠭᠡ ᠲᠥᠬᠦᠮ ᠦᠵᠡᠭᠦᠯᠵᠦ᠂  ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠤᠨ᠂ ︽ᠪᠠᠷᠠᠭ᠎ᠠ ᠬᠤᠳᠠᠯᠳᠤᠨ ᠠᠪᠬᠤ ᠳᠤ ᠲᠣᠰᠬᠤᠨ ᠠᠴᠠ ᠪᠠᠨ ᠭᠠᠷᠬᠤ ᠥᠬᠡᠶ᠂ ᠪᠣᠷᠣᠯᠠᠭᠤᠯᠬᠤ ᠳᠤ ᠲᠣᠰᠬᠤᠨ ᠠᠴᠠ ᠪᠠᠨ ᠭᠠᠷᠬᠤ ᠥᠬᠡᠶ᠂ ᠠᠮᠢᠳᠤᠷᠠᠯ ᠨᠢ ᠲᠣᠰᠬᠤᠨ ᠠᠴᠠ ᠪᠠᠨ ᠭᠠᠷᠬᠤ ᠥᠬᠡᠶ᠂ ᠮᠥᠩᠭᠦᠨ ᠭᠦᠶ᠋ᠯᠭᠡᠬᠡ ᠲᠣᠰᠬᠤᠨ ᠠᠴᠠ ᠪᠠᠨ ᠭᠠᠷᠬᠤ ᠥᠬᠡᠶ᠂ ᠦᠶ᠋ᠯᠡᠰ ᠴᠣᠭᠴᠠᠯᠠᠬᠤ ᠳᠤ ᠲᠣᠰᠬᠤᠨ ᠠᠴᠠ ᠪᠠᠨ ᠭᠠᠷᠬᠤ ᠥᠬᠡᠶ᠂ ᠢᠯᠡᠬᠡᠨ ᠳᠠᠮᠵᠢᠭᠤᠯᠬᠤ ᠳᠤ ᠲᠣᠰᠬᠤᠨ ᠠᠴᠠ ᠪᠠᠨ ᠭᠠᠷᠬᠤ ᠥᠬᠡᠶ︾ ᠵᠢᠷᠭᠤᠭᠠᠨ ᠲᠣᠰᠬᠤᠨ ᠠᠴᠠ ᠪᠠᠨ ᠭᠠᠷᠬᠤ ᠥᠬᠡᠶ ᠪᠠᠶᠢᠬᠤ ᠪᠠᠶᠢᠳᠠᠯ ᠨᠢ ᠤᠷᠠᠳ ᠤᠨ ᠳᠤᠮᠳᠠᠳᠤ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠤ ᠦᠶ᠋ᠯᠡᠳᠪᠦᠷᠢᠯᠡᠯ ᠠᠮᠢᠳᠤᠷᠠᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠪᠡ᠃ ᠡᠭᠦᠨ ᠤ ᠬᠠᠮᠲᠤ᠂ ᠤᠷᠠᠳ ᠤᠨ ᠳᠤᠮᠳᠠᠳᠤ ᠬᠤᠰᠢᠭᠤᠨ ᠤ  ᠡᠯᠧᠺᠲᠷᠣᠨ ᠬᠤᠳᠠᠯᠳᠤᠭᠠᠨ ᠤ ᠦᠶ᠋ᠯᠡᠰ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂  ᠡᠯᠧᠺᠲᠷᠣᠨ ᠬᠤᠳᠠᠯᠳᠤᠭᠠᠨ ᠤ ᠠᠵᠤ ᠠᠬᠤᠶ ᠥᠷᠨᠢᠨ ᠬᠥᠭᠵᠢᠵᠦ᠂ ᠮᠡᠳᠡᠭᠳᠡᠮ᠎ᠡ ᠦᠷ᠎ᠡ ᠪᠦᠲᠦᠮᠵᠢ ᠤᠯᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ ᠨᠡᠶᠢᠲᠡ 118 ᠡᠷᠤᠭᠡ  ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠪᠠᠶᠢᠵᠦ᠂ ᠪᠢᠴᠢᠯ ᠬᠤᠳᠠᠯᠳᠤᠭᠠᠨ ᠤ ᠪᠦᠯᠬᠦᠮ ᠳᠤ 1300 ᠭᠠᠷᠤᠢ ᠬᠦᠮᠦᠨ ᠪᠠᠶᠢᠵᠤ᠂ ᠬᠠᠮᠢᠶ᠎ᠠ ᠪᠥᠬᠦᠶ ᠠᠵᠢᠯᠯᠠᠵᠤ ᠪᠠᠶᠢᠭ᠎ᠠ ᠬᠥᠮᠦᠨ ᠤ ᠲᠤᠭ᠎ᠠ 4500 ᠭᠠᠷᠤᠶ ᠬᠦᠷᠴᠦ᠂  ᠡᠯᠧᠺᠲᠷᠣᠨ ᠬᠤᠳᠠᠯᠳᠤᠭᠠᠨ ᠤ ᠠᠵᠤ ᠦᠶ᠋ᠯᠡᠰ ᠤᠨ ᠬᠦᠷᠢᠶᠡᠯᠡᠩ ᠳᠤ 9 ᠡᠷᠤᠭᠡ ᠠᠵᠤ ᠠᠬᠤᠶᠢᠯᠠᠯ ᠰᠢᠨ᠎ᠡ ᠪᠠᠷ ᠨᠡᠮᠡᠭᠳᠡᠨ᠂ ᠨᠡᠶᠢᠲᠡ 79 ᠡᠷᠤᠭᠡ ᠪᠣᠯᠵᠣ᠂ 39  ᠡᠯᠧᠺᠲᠷᠣᠨ ᠬᠤᠳᠠᠯᠳᠤᠭᠠᠨ ᠤ ᠨᠠᠷᠡᠳᠦ ᠲᠡᠮᠳᠡᠭᠳᠦ ᠶᠢ ᠠᠮᠵᠢᠯᠲᠠᠲᠠᠶ ᠪᠣᠶ ᠪᠣᠯᠭᠠᠪᠠ᠃ 1 — 7 ᠰᠠᠷ᠎ᠠ ᠳᠤ᠂ ᠪᠥᠬᠦ ᠬᠤᠰᠢᠭᠤᠨ ᠤ  ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 52.2% ᠢᠶᠠᠷ ᠨᠡᠮᠡᠭᠳᠡᠪᠡ᠃ ᠬᠤᠰᠢᠭᠤᠨ ᠤ  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ ᠬᠦᠷᠢᠶᠡᠯᠡᠩ ᠤᠨ  ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠬᠡᠮᠵᠢᠶ᠎ᠡ 6765.62 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84.1% ᠪᠠᠷ ᠨᠡᠮᠡᠭᠳᠡᠰᠡᠨ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ