ᠤᠷᠠᠳ ᠤᠨ ᠳᠤᠮᠳᠠᠳᠤ ᠬᠤᠰᠢᠭᠤ ᠣᠯᠠᠨ  ᠵᠦᠢᠯ  ᠤᠨ ᠠᠷᠭ᠎ᠠ ᠠᠪᠴᠢᠯ ᠢᠶᠠᠷ ᠠᠵᠢᠯ ᠤᠯᠭᠤᠯᠳᠠ  ᠦᠢᠯᠡᠰ ᠴᠣᠭᠴᠠᠯᠠᠬᠤ  ᠦᠢᠯᠡᠴᠢᠯᠡᠭᠡ ᠪᠠᠨ ᠰᠢᠯᠢᠳᠡᠭᠵᠢᠭᠦᠯᠵᠦ ᠪᠤᠢ
ᠨᠡᠶᠢᠲᠡᠯᠡᠭᠰᠡᠨ ᠴᠠᠭ᠄
2021/9/15
      ᠨᠢᠭᠡ ᠳᠤ᠂ ᠠᠵᠢᠯ ᠣᠯᠭᠤᠯᠲᠠ ᠦᠢᠯᠡᠰ ᠪᠣᠰᠬᠠᠯᠲᠠ ᠶᠢᠨ ᠰᠢᠨ᠎ᠡ ᠪᠠᠷ ᠨᠡᠮᠡᠭᠳᠡᠬᠦ ᠶᠢ ᠲᠦᠯᠬᠢᠨ ᠠᠬᠢᠭᠤᠯᠪᠠ᠃ 1 — 7 ᠰᠠᠷ᠎ᠠ ᠳᠤ᠂ ᠪᠦᠬᠦ ᠬᠤᠰᠢᠭᠤᠨ ᠤ ᠬᠤᠲᠠ ᠪᠠᠯᠭᠠᠰᠤᠨ ᠤ 615 ᠬᠥᠮᠦᠨ ᠳᠤ ᠰᠢᠨ᠎ᠡ  ᠪᠠᠷ ᠠᠵᠢᠯ ᠣᠯᠭᠤᠵᠤ᠂ 770 ᠬᠥᠮᠦᠨ ᠤ ᠬᠠᠷᠠᠯᠳᠠᠳᠦ ᠡᠬᠦᠷᠬᠡ ᠪᠠᠨ 79.9% ᠪᠠᠷ ᠪᠡᠶᠡᠯᠡᠭᠦᠯᠪᠡ᠃ 117 ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ 240 ᠬᠥᠮᠦᠨ ᠤ ᠬᠠᠷᠠᠯᠳᠠᠳᠦ ᠡᠭᠦᠷᠭᠡ ᠪᠠᠨ 48.8% ᠪᠠᠷ ᠪᠡᠶᠡᠯᠡᠭᠦᠯᠪᠡ᠃ ᠶᠠᠳᠠᠭᠤ ᠬᠦᠴᠢᠷᠳᠡᠯᠲᠡᠢ 190 ᠬᠥᠮᠦᠨ ᠳᠤ ᠳᠠᠬᠢᠨ ᠠᠵᠢᠯ ᠣᠯᠭᠤᠵᠤ᠂ 220 ᠬᠥᠮᠦᠨ ᠤ ᠬᠠᠷᠠᠯᠳᠠᠳᠦ ᠡᠬᠦᠷᠭᠡ ᠪᠠᠨ 86.4% ᠪᠠᠷ ᠪᠡᠶᠡᠯᠡᠭᠦᠯᠪᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 4.83% ᠪᠣᠯᠪᠠ᠃ 12078 ᠮᠠᠯᠴᠢᠨ ᠲᠠᠷᠢᠶᠠᠴᠢᠤᠨ ᠢ ᠰᠢᠯᠵᠢᠭᠦᠯᠦᠨ ᠠᠵᠢᠯ ᠣᠯᠭᠤᠵᠤ᠂ 8400 ᠬᠥᠮᠦᠨ ᠤ ᠬᠠᠷᠠᠯᠳᠠᠳᠦ ᠡᠬᠦᠷᠭᠡ ᠪᠠᠨ 144% ᠪᠠᠷ ᠪᠡᠶᠡᠯᠡᠭᠦᠯᠪᠡ᠃ 6 ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠭᠰᠠᠨ ᠬᠦᠮᠦᠨ ᠤ ᠲᠤᠭ᠎ᠠ 11986 ᠬᠥᠮᠦᠨ ᠬᠦᠷᠴᠦ᠂ 6500 ᠬᠥᠮᠦᠨ  ᠤ ᠬᠠᠷᠠᠯᠳᠠᠳᠦ ᠡᠭᠦᠷᠭᠡ ᠪᠠᠨ 184% ᠪᠠᠷ ᠪᠡᠶᠡᠯᠡᠭᠦᠯᠪᠡ᠃ ᠮᠤᠵᠢ ᠠᠯᠤᠰᠯᠠᠨ ᠰᠢᠯᠵᠢᠵᠦ ᠢᠷᠡᠭᠰᠡᠨ 115 ᠬᠦᠮᠦᠨ ᠳᠤ ᠠᠵᠢᠯ ᠤᠯᠭᠤᠪᠠ᠃ 616 ᠲᠦᠮᠡᠨ ᠲᠥᠭᠦᠷᠢᠭ ᠤᠨ ᠦᠢᠯᠡᠰ ᠴᠤᠭᠴᠠᠯᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 700 ᠲᠦᠮᠡᠨ ᠲᠥᠭᠦᠷᠢᠭ ᠤᠨ ᠪᠠᠳᠤᠯᠠᠭᠠᠳᠤ ᠵᠢᠬᠡᠯᠡᠯᠬᠡ ᠶᠢᠨ ᠬᠠᠷᠠᠯᠳᠠᠳᠦ ᠡᠭᠦᠷᠭᠡ ᠪᠠᠨ 88% ᠪᠠᠷ ᠪᠡᠶᠡᠯᠡᠭᠦᠯᠤᠨ᠂ 51 ᠬᠥᠮᠦᠨ ᠢ ᠲᠠᠶᠢᠴᠢᠯᠠᠨ ᠠᠵᠢᠯ ᠣᠯᠭᠤᠪᠠ᠃       ᠬᠤᠶᠠᠷ ᠲᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠵᠦ ᠪᠤᠢ᠃ 307 ᠮᠠᠯᠴᠢᠨ ᠲᠠᠷᠢᠶᠠᠴᠢᠤᠨ ᠢ ᠵᠤᠬᠢᠶᠠᠨ ᠪᠠᠶᠢᠭᠤᠯᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠤᠷᠤᠯᠴᠠᠭᠤᠯᠵᠦ᠂ 300 ᠬᠥᠮᠦᠨ ᠤ ᠬᠠᠷᠠᠯᠲᠠᠲᠤ ᠡᠭᠦᠷᠭᠡ ᠪᠠᠨ 102.3% ᠪᠠᠷ ᠪᠡᠶᠡᠯᠡᠭᠦᠯᠪᠡ᠃ ᠬᠤᠲᠠ ᠪᠠᠯᠭᠠᠰᠤᠨ ᠤ 25 ᠬᠥᠮᠦᠨ ᠢ ᠵᠤᠬᠢᠶᠠᠨ ᠪᠠᠶᠢᠭᠤᠯᠤᠨ ᠠᠵᠢᠯ ᠣᠯᠭᠤᠯᠳᠠ ᠶᠢᠨ ᠮᠡᠷᠭᠡᠵᠢᠯ ᠤᠨ ᠪᠣᠯᠪᠠᠰᠤᠷᠠᠯ ᠳᠤ ᠤᠷᠤᠯᠴᠠᠭᠤᠯᠤᠨ᠂ 200 ᠬᠥᠮᠦᠨ ᠤ ᠬᠠᠷᠠᠯᠳᠠᠳᠦ ᠡᠭᠦᠷᠭᠡ ᠪᠠᠨ 12.5% ᠪᠠᠷ ᠪᠡᠶᠡᠯᠡᠭᠦᠯᠪᠡ᠃ 30 ᠬᠥᠮᠦᠨ ᠢ ᠵᠤᠬᠢᠶᠠᠨ ᠪᠠᠶᠢᠭᠤᠯᠤᠨ ᠦᠢᠯᠡᠰ ᠴᠤᠭᠴᠠᠯᠠᠬᠤ ᠪᠣᠯᠪᠠᠰᠤᠷᠠᠯ ᠳᠤ ᠤᠷᠤᠯᠴᠠᠭᠤᠯᠵᠦ᠂ 100 ᠬᠥᠮᠦᠨ  ᠤ ᠬᠠᠷᠠᠯᠳᠠᠳᠦ ᠡᠭᠦᠷᠭᠡ ᠪᠠᠨ 30% ᠪᠠᠷ ᠪᠡᠶᠡᠯᠡᠭᠦᠯᠪᠡ᠃       ᠭᠤᠷᠪᠠ ᠳᠤ᠂ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠪᠠ᠃ 1 — 7 ᠰᠠᠷ᠎ᠠ ᠳᠤ᠂ ᠡᠯ᠎ᠡ ᠲᠥᠷᠥᠯ ᠤᠨ ᠠᠵᠢᠯᠴᠢᠨ ᠡᠯᠰᠡᠬᠦ ᠠᠵᠢᠯᠯᠠᠭ᠎ᠠ ᠶᠢ 5 ᠤᠳᠠᠭ᠎ᠠ ᠦᠷᠨᠢᠬᠦᠯᠵᠦ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠢ ᠨᠡᠶᠢᠲᠡ 180 ᠭᠠᠷᠤᠶ ᠡᠷᠤᠭᠡ ᠲᠠᠨᠢᠯᠴᠠᠭᠤᠯᠤᠨ᠂ ᠠᠵᠢᠯᠴᠢᠨ ᠡᠯᠰᠡᠬᠦ ᠮᠡᠳᠡᠭᠡ ᠵᠠᠩᠭᠢ ᠶᠢ 300 ᠭᠠᠷᠤᠶ ᠵᠤᠷᠪᠤᠰ ᠨᠡᠶᠢᠲᠡᠯᠡᠵᠦ᠂ 1700 ᠭᠠᠷᠤᠶ ᠠᠵᠢᠯ ᠤᠨ ᠪᠠᠶᠢᠷᠢ ᠬᠠᠩᠭᠠᠪᠠ᠃ ᠤᠷᠠᠳ ᠤᠨ ᠳᠤᠮᠳᠠᠳᠤ ᠬᠤᠰᠢᠭᠤᠨ ᠤ ᠣᠬᠤᠷ ᠸᠢᠳᠢᠣ᠋ ᠶᠢᠨ ᠨᠡᠶᠢᠲᠡ ᠶᠢᠨ ᠳ᠋ᠤᠭᠠᠷ ᠢ ᠠᠰᠢᠭᠯᠠᠨ᠂ 2021 ᠣᠨ  ᠤ ︽ᠤᠷᠢᠬᠠᠨ ᠰᠠᠯᠬᠢᠨ ᠤ ᠠᠵᠢᠯᠯᠠᠭ᠎ᠠ︾ ᠶᠢ ᠦᠷᠨᠢᠬᠦᠯᠦᠭᠰᠡᠨ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠰᠢᠭᠤᠳ ᠨᠡᠪᠲᠡᠷᠡᠭᠦᠯᠭᠡ ᠬᠢᠬᠦ ᠠᠷᠭ᠎ᠠ ᠬᠡᠯᠪᠡᠷᠢ ᠪᠠᠷ ᠠᠵᠢᠯᠴᠢᠨ ᠤᠷᠢᠬᠤ ᠠᠵᠢᠯ ᠡᠷᠢᠬᠦ ᠮᠡᠳᠡᠭᠡ ᠵᠠᠩᠭᠢ ᠶᠢ ᠤᠬᠠᠭᠤᠯᠵᠤ᠂ ᠨᠢᠭᠡᠨᠲᠡ 2 ᠲᠠᠯᠠᠪᠤᠷ ᠰᠢᠭᠤᠳ ᠨᠡᠪᠲᠡᠷᠡᠭᠦᠯᠬᠡ ᠬᠢᠵᠦ᠂ ᠰᠦᠯᠵᠢᠶᠡᠨ ᠳᠡᠭᠡᠷ᠎ᠡ ᠬᠦᠯᠢᠶᠡᠨ ᠠᠪᠴᠦ ᠦᠵᠡᠭᠰᠡᠨ ᠬᠥᠮᠦᠨ ᠤ ᠲᠤᠭ᠎ᠠ 7500 ᠭᠠᠷᠤᠶ ᠬᠥᠮᠦᠨ ᠤᠳᠠᠭ᠎ᠠ ᠳᠤ ᠬᠦᠷᠴᠦ᠂ 450 ᠭᠠᠷᠤᠶ ᠬᠥᠮᠦᠨ ᠠᠵᠢᠯ ᠤᠯᠬᠤ ᠠᠩᠬ᠎ᠠ ᠠᠯᠬᠤᠮ ᠤᠨ ᠬᠡᠯᠡᠯᠴᠡᠭᠡᠷ ᠲᠤᠭᠳᠠᠭᠰᠠᠨ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ