ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷᠠᠬᠢ S39 ᠭᠠᠭᠴᠠᠮᠤᠳᠤ ᠠᠴᠠ ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ 2.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/9/15
      S39 ᠭᠠᠭᠴᠠᠮᠤᠳᠤ ᠠᠴᠠ ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠭᠠᠭᠴᠠᠮᠤᠳᠤ ᠠᠴᠠ ᠬᠠᠯᠢᠭᠤᠳᠤ ᠬᠥᠷᠬᠦ ᠬᠡᠰᠡᠭ ᠤᠨ ᠪᠥᠲᠥᠭᠡᠨ ᠪᠠᠶᠢᠭᠤᠯᠤᠯᠲᠠ  ᠶᠢᠨ ᠬᠡᠪᠴᠢᠶ᠎ᠡ ᠨᠢ 131.2 ᠺᠢᠯᠣᠮᠧᠳ᠋ᠷ ᠪᠠᠶᠢᠵᠤ᠂ ᠪᠥᠬᠦ ᠱᠤᠭᠤᠮ ᠨᠢ ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠪᠠᠶᠢᠷᠢᠯᠠᠨ᠂ ᠶᠡᠷᠦᠩᠬᠡᠶ ᠪᠠᠯᠠ ᠣᠷᠣᠭᠤᠯᠤᠯᠲᠠ ᠨᠢ 55 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠨ᠂ 1 — 7 ᠰᠠᠷ᠎ᠠ ᠳᠤ 2.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ  ᠳᠤ᠂ ᠲᠥᠷᠥᠯ ᠵᠦᠶ᠋ᠯ ᠤᠨ ᠰᠠᠭᠤᠭ᠎ᠠ ᠭᠠᠵᠠᠷ᠂ ᠬᠤᠯᠢᠵᠦ ᠵᠢᠭᠤᠷᠠᠬᠤ ᠥᠷᠲᠡᠬᠡᠨ ᠤ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠶᠠᠭ ᠵᠠᠮ ᠵᠠᠰᠠᠬᠤ ᠮᠠᠲ᠋ᠧᠷᠢᠶᠠᠯ ᠤᠨ ᠲᠤᠷᠰᠢᠯᠲᠠ ᠶᠢᠨ ᠨᠥᠭᠡᠴᠡᠯᠡᠯᠲᠡ᠂ ᠬᠥᠭᠦᠷᠭᠡ ᠶᠢᠨ ᠡᠵᠡᠮᠳᠡᠯ ᠤᠨ ᠴᠢᠨᠠᠷᠲᠠᠶ ᠢᠨᠵᠧᠨᠧᠷᠢᠩ ᠵᠡᠷᠭᠡ ᠠᠵᠢᠯ ᠢᠶᠠᠨ ᠬᠢᠵᠦ ᠪᠠᠶᠢᠨ᠎ᠠ᠃ S39 ᠭᠠᠭᠴᠠᠮᠤᠳᠤ ᠠᠴᠠ ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ ᠤᠨ ᠪᠦᠬᠦ ᠤᠷᠲᠤ ᠨᠢ 228 ᠺᠢᠯᠣᠮᠧᠳ᠋ᠷ ᠪᠤᠯᠤᠨ᠎ᠠ᠃ ᠲᠤᠰ ᠲᠥᠷᠥᠯ ᠵᠦᠶ᠋ᠯ ᠢ ᠬᠤᠶᠠᠷ ᠬᠤᠭᠤᠴᠠᠭ᠎ᠠ ᠬᠤᠪᠢᠶᠠᠨ ᠪᠠᠶᠢᠭᠤᠯᠬᠤ ᠪᠠᠷ ᠲᠥᠯᠥᠪᠯᠡᠵᠦ᠂ ᠨᠢᠭᠡᠳᠦᠭᠡᠷ ᠬᠤᠭᠤᠴᠠᠭᠠᠨ ᠳᠤ ᠭᠠᠭᠴᠠᠮᠤᠳᠤ ᠠᠴᠠ ᠬᠠᠯᠢᠭᠤᠲᠤ ᠬᠦᠷᠬᠦ ᠬᠡᠰᠡᠭ ᠢ ᠤᠷᠢᠳᠠᠪᠠᠷ ᠬᠡᠷᠡᠭᠵᠢᠭᠦᠯᠦᠨ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠶ᠋ᠯ ᠪᠣᠯ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠢᠭᠡᠳᠦᠭᠡᠷ ᠵᠤᠷᠪᠤᠰ ᠪᠠᠯᠠ ᠣᠷᠣᠭᠤᠯᠬᠤ᠂ ᠪᠥᠲᠥᠭᠡᠨ ᠪᠠᠶᠢᠭᠤᠯᠬᠤ᠂ ᠡᠵᠡᠩᠨᠡᠬᠦ ᠶᠢ ᠨᠢᠭᠡ ᠴᠣᠭᠴᠠᠵᠢᠭᠤᠯᠤᠭᠰᠠᠨ ᠪᠥᠬᠦ ᠦᠶᠡᠯᠡᠯ ᠤᠨ ᠬᠤᠭᠤᠴᠠᠭ᠎ᠠ ᠲᠠᠢ ᠲᠦᠷᠭᠡᠨ ᠤ ᠵᠠᠰᠠᠮᠠᠯ ᠵᠠᠮ ᠤᠨ PPP ᠲᠥᠷᠥᠯ ᠵᠦᠶ᠋ᠯ ᠪᠠᠶᠢᠵᠦ᠂ ᠪᠠᠶᠠᠨᠨᠠᠭᠤᠷ ᠬᠤᠲᠠ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠬᠤᠯᠪᠣᠭᠠᠲᠤ ᠴᠣᠭᠴᠠ ᠶᠢᠨ PPP ᠵᠠᠭᠪᠤᠷ ᠢ ᠬᠡᠷᠡᠭᠯᠡᠨ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠶ᠋ᠯ ᠪᠠᠶᠢᠵᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠬᠥᠭᠵᠢᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶ᠋ᠯᠡᠳᠦᠯ ᠲᠠᠢ ᠶᠤᠮ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ