ᠤᠷᠠᠳ ᠤᠨ ᠳᠤᠮᠳᠠᠳᠤ ᠬᠤᠰᠢᠭᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠯᠠᠪᠳᠠᠭᠤᠨ ᠪᠠᠳᠤᠳᠠᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2021/9/15
      2021 ᠣᠨ ᠳᠤ᠂ ᠤᠷᠠᠳ ᠤᠨ ᠳᠤᠮᠳᠠᠳᠤ ᠬᠤᠰᠢᠭᠤ ᠨᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠦᠷᠭᠦᠯᠵᠢᠯᠡᠨ ᠯᠠᠪᠳᠠᠭᠤᠨ ᠪᠠᠳᠤᠳᠠᠢ ᠪᠠᠷ ᠴᠢᠩᠭᠠᠳᠬᠠᠵᠤ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ ᠪᠠᠶᠢᠨ᠎ᠠ᠃ ᠣᠳᠣᠬᠠᠨ ᠳᠤ᠂ ᠲᠠᠯ ᠠᠭᠤᠯᠠᠨ ᠤ ᠠᠮᠤ ᠪᠤᠳᠠᠭᠠᠨ ᠤ ᠦᠷᠳᠡᠭᠡ᠂ ᠤᠯᠢᠶᠠᠰᠤᠲᠠᠢ ᠰᠢᠶᠠᠩ ᠤᠨ ᠠᠮᠤ ᠪᠤᠳᠠᠭᠠᠨ ᠤ ᠦᠷᠳᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠢᠨᠵᠧᠨᠧᠷᠢᠩ ᠤᠨ ᠲᠥᠯᠥᠪᠵᠢᠭᠦᠯᠭᠡ  ᠶᠢᠨ ᠵᠥᠪᠰᠢᠶᠡᠷᠡᠯ ᠤᠨ ᠦᠨᠡᠮᠯᠡᠯ᠂ ᠵᠢᠷᠤᠭ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠢ ᠨᠢᠭᠡᠨᠲᠡ ᠭᠦᠢᠴᠡᠳᠬᠡᠨ᠂ ᠲᠠᠯ ᠠᠭᠤᠯᠠᠨ ᠤ ᠠᠮᠤ ᠪᠤᠳᠠᠭᠠᠨ ᠤ ᠦᠷᠳᠡᠭᠡ ᠶᠢᠨ ᠲᠡᠭᠡᠭᠰᠢ ᠮᠡᠳᠡᠭᠦᠯᠵᠦ ᠪᠦᠳᠦᠭᠡᠨ ᠪᠠᠶᠢᠭᠤᠯᠬᠤ ᠭᠠᠷᠳᠠᠮ ᠢᠶᠠᠨ ᠨᠢᠭᠡᠨᠲᠡ ᠭᠦᠢᠴᠡᠳᠬᠡᠵᠦ᠂ ᠤᠯᠢᠶᠠᠰᠤᠲᠠᠢ ᠰᠢᠶᠠᠩ ᠤᠨ ᠠᠮᠤ ᠪᠤᠳᠠᠭᠠᠨ ᠤ ᠦᠷᠳᠡᠭᠡ ᠶᠠᠭ ᠳᠠᠭᠠᠭᠠᠴᠢᠯᠠᠯᠲᠠ ᠵᠠᠷᠯᠠᠵᠦ ᠲᠠᠭᠠᠭᠠᠴᠢᠯᠠᠯᠳᠠ ᠨᠡᠶᠢᠲᠡᠯᠡᠵᠦ ᠪᠠᠶᠢᠨ᠎ᠠ᠃ ᠡᠯ᠎ᠡ ᠱᠠᠲᠤᠨ ᠤ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ ᠠᠷᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠨᠥᠭᠡᠴᠡ ᠠᠮᠤ ᠪᠤᠳᠠᠭ᠎ᠠ ᠨᠥᠭᠡᠴᠡᠯᠡᠬᠦ ᠡᠭᠦᠷᠭᠡ ᠶᠢ ᠪᠦᠬᠦᠨ ᠢ ᠪᠡᠶᠡᠯᠡᠭᠦᠯᠪᠡ᠃ ᠣᠳᠣᠬᠠᠨ ᠳᠤ᠂ ᠤᠯᠤᠰ ᠤᠨ ᠥᠮᠴᠢᠯᠡᠯ ᠤᠨ ᠠᠮᠤ ᠪᠤᠳᠠᠭ᠎ᠠ ᠬᠤᠳᠠᠯᠳᠤᠨ ᠠᠪᠴᠦ ᠪᠣᠷᠣᠯᠠᠭᠤᠯᠬᠤ ᠠᠵᠤ ᠠᠬᠤᠶᠢᠯᠠᠯ ᠣᠳᠣ 1875 ᠲᠦᠮᠡᠨ ᠺᠢᠯᠣᠭ᠍ᠷᠠᠮ ᠤᠨ ᠨᠦᠬᠡᠴᠡ ᠠᠮᠤ ᠪᠤᠳᠠᠭ᠎ᠠ ᠪᠠᠶᠢᠨ᠎ᠠ ︵ᠪᠤᠭᠤᠳᠠᠶ 1125 ᠲᠦᠮᠡᠨ ᠺᠢᠯᠣᠭ᠍ᠷᠠᠮ᠂ ᠡᠷᠳᠡᠨᠢ ᠰᠢᠰᠢ 750 ᠲᠦᠮᠡᠨ ᠺᠢᠯᠣᠭ᠍ᠷᠠᠮ︶᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠲᠡᠰ ᠤᠨ 750 ᠲᠦᠮᠡᠨ ᠺᠢᠯᠣᠭ᠍ᠷᠠᠮ᠂ ᠬᠤᠲᠠ ᠶᠢᠨ ᠲᠡᠰ ᠤᠨ 625 ᠲᠦᠮᠡᠨ ᠺᠢᠯᠣᠭ᠍ᠷᠠᠮ᠂ ᠬᠤᠰᠢᠭᠤ ᠲᠡᠰ ᠤᠨ 500 ᠲᠦᠮᠡᠨ ᠺᠢᠯᠣᠭ᠍ᠷᠠᠮ ᠪᠠᠶᠢᠵᠦ᠂ 250 ᠲᠦᠮᠡᠨ ᠵᠢᠩ ᠨᠦᠬᠡᠴᠡ ᠪᠣᠭᠤᠳᠠᠶ ᠶᠢ ᠡᠭᠡᠯᠵᠢᠯᠡᠨ ᠰᠣᠯᠢᠬᠤ ᠠᠵᠢᠯ  ᠢᠶᠠᠨ ᠶᠠᠭ ᠡᠷᠴᠢᠮ ᠲᠠᠢ ᠶᠠᠪᠤᠭᠳᠠᠭᠤᠯᠵᠦ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ