ᠰᠢ ᠶᠢᠨ ᠫᠢᠩ ᠬᠠᠷᠢᠭᠤ ᠵᠠᠬᠢᠳᠠᠯ ᠢᠯᠡᠬᠡᠵᠤ ︽ᠥᠨᠳᠦᠷᠯᠢᠭ ᠤᠨ ᠬᠢᠯᠢ ᠶᠢ ᠬᠠᠮᠠᠭᠠᠯᠠᠭᠰᠠᠨ ᠵᠢᠱᠢᠶᠡᠴᠢ ᠪᠠᠳ᠋ᠯᠢᠶᠣᠨ︾ ᠤ ᠪᠦᠬᠦ ᠳᠠᠷᠤᠭ᠎ᠠ ᠪᠠᠶᠢᠯᠳᠤᠭᠴᠢ ᠶᠢ ᠵᠤᠷᠢᠭᠵᠢᠭᠤᠯᠤᠭᠰᠠᠨ ᠨᠢ ᠡᠬᠡ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠵᠤ ᠨᠠᠮ ᠪᠠ ᠠᠷᠠᠳ ᠲᠦᠮᠡᠨ ᠳᠡᠭᠡᠨ ᠳᠠᠬᠢᠨ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ ᠴᠢᠷᠮᠠᠶᠢᠭᠠᠷᠠᠢ
ᠨᠡᠶᠢᠲᠡᠯᠡᠭᠰᠡᠨ ᠴᠠᠭ᠄
2021/9/15
      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 13 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ  ᠣᠶᠢᠷ᠎ᠠ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠳ᠋ᠯᠢᠶᠣᠨ︾ ᠤ ᠪᠦᠬᠦ ᠳᠠᠷᠤᠭ᠎ᠠ ᠪᠠᠶᠢᠯᠳᠤᠭᠴᠢ ᠳᠤ ᠬᠠᠷᠢᠭᠤ ᠵᠠᠬᠢᠳᠠᠯ ᠢᠯᠡᠬᠡᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃       ᠰᠢ ᠶᠢᠨ ᠫᠢᠩ ᠬᠠᠷᠢᠭᠤ ᠵᠠᠬᠢᠳᠠᠯ ᠳᠠᠭᠠᠨ᠂ 5 ᠵᠢᠯ ᠤᠨ ᠲᠤᠷᠰᠢ᠂ ᠲᠠ ᠨᠠᠷ ᠨᠠᠮ ᠪᠣᠯᠤᠨ ᠠᠷᠠᠳ ᠲᠦᠮᠡᠨ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠮᠢ ᠨᠠᠰᠤᠨ ᠤ ᠬᠤᠷᠢᠭᠠᠲᠤ ᠣᠷᠣᠨ ᠢ ᠪᠠᠲᠤ ᠰᠠᠬᠢᠨ᠂ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠡᠬᠡ ᠤᠯᠤᠰ ᠤᠨ ᠢᠶᠠᠨ ᠲᠠᠷᠬᠠᠨ ᠨᠤᠲᠤᠭ ᠳᠡᠪᠢᠰᠬᠡᠷ ᠢ ᠰᠠᠬᠢᠨ ᠬᠠᠮᠠᠭᠠᠯᠠᠵᠤ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠪᠦᠭᠦᠳᠡᠭᠡᠷ ᠢᠶᠠᠨ ᠪᠤᠯᠵᠤ ᠪᠠᠶᠢᠨ᠎ᠠ ᠬᠡᠵᠤ ᠢᠯᠡᠳᠬᠡᠪᠡ᠃ ᠰᠢ ᠶᠢᠨ ᠫᠢᠩ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠡᠮᠦᠨ᠎ᠡ ᠹᠷᠣᠨᠲ ᠲᠤ ᠪᠠᠶᠢᠯᠳᠤᠵᠤ᠂ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠶᠤᠮ᠃ ᠨᠥᠬᠦᠳ ᠨᠡᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠪᠠᠨ ᠴᠢᠩᠭᠠᠳᠬᠠᠵᠤ᠂ ᠡᠬᠡ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠰᠠᠶᠢᠲᠤᠷ ᠭᠦᠢᠴᠡᠳᠬᠡᠵᠦ᠂ ᠨᠠᠮ ᠪᠣᠯᠤᠨ ᠠᠷᠠᠳ ᠲᠦᠮᠡᠨ ᠳᠡᠭᠡᠨ ᠲᠠᠬᠢᠨ ᠰᠢᠨ᠎ᠡ ᠭᠠᠪᠢᠶ᠎ᠠ ᠵᠢᠳᠬᠦᠯ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠳ᠋ᠯᠢᠶᠣᠨ︾ ᠪᠣᠯ ᠨᠢᠬᠡᠨ ᠰᠠᠯᠠᠭ᠎ᠠ ᠰᠢᠯᠢᠳᠡᠭ ᠤᠯᠠᠮᠵᠢᠯᠠᠯ ᠲᠠᠢ ᠪᠠᠭᠠᠲᠤᠷᠯᠢᠭ ᠴᠡᠷᠢᠭ ᠠᠩᠭᠢ ᠪᠣᠯᠤᠨ᠎ᠠ᠃ ᠲᠤᠰ ᠪᠠᠳ᠋ᠯᠢᠶᠣᠨ ᠤ ᠰᠠᠭᠤᠭ᠎ᠠ ᠭᠠᠵᠠᠷ ᠨᠢ ᠳᠠᠯᠠᠶ ᠶᠢᠨ ᠲᠦᠪᠰᠢᠨ ᠠᠴᠠ ᠳᠤᠮᠳᠠᠴᠢ ᠪᠠᠷ 4800 ᠭᠠᠷᠤᠶ ᠮᠧᠳ᠋ᠷ ᠡᠷᠭᠦᠭᠳᠡᠵᠦ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 40 ᠭᠷᠠᠳᠦ᠋ᠰ ᠪᠠᠶᠢᠵᠤ᠂ ᠨᠢᠬᠡ ᠵᠢᠯ ᠤᠨ 200 ᠭᠠᠷᠤᠢ ᠡᠳᠤᠷ ᠲᠤ 8 ᠳᠡᠰ ᠠᠴᠠ ᠳᠡᠭᠡᠭᠰᠢ ᠶᠡᠭᠡ ᠰᠠᠯᠬᠢ ᠰᠠᠯᠬᠢᠯᠠᠳᠠᠬ᠃ ᠤᠷᠳᠤ ᠬᠤᠭᠤᠴᠠᠭᠠᠨ᠎ᠠ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠴᠠᠰᠤᠲᠤ ᠥᠨᠳᠦᠷᠯᠢᠭ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠤᠷᠢᠳ ᠬᠤᠵᠢᠳ 9 ᠤᠳᠠᠭ᠎ᠠ ᠪᠦᠬᠦ ᠤᠯᠤᠰ ᠪᠦᠬᠦ ᠴᠡᠷᠢᠭ ᠤᠨ ᠬᠥᠬᠢᠭᠦᠯᠦᠯ ᠢ ᠬᠦᠷᠳᠡᠵᠦ᠂ 5 ᠤᠳᠠᠭ᠎ᠠ ᠢᠷᠠᠭᠤ ᠠᠯᠳᠠᠷ ᠤᠨ ᠴᠣᠯᠠ ᠬᠦᠷᠳᠡᠵᠦ᠂ 5 ᠨᠠᠷ᠎ᠠ ᠨᠢᠭᠡᠳᠦᠭᠡᠷ ᠳᠡᠰ ᠤᠨ ᠭᠠᠪᠢᠶᠠᠳᠠᠨ᠂ 44 ᠨᠠᠷ᠎ᠠ ᠬᠤᠶᠠᠳᠤᠭᠠᠷ ᠳᠡᠰ ᠤᠨ ᠭᠠᠪᠢᠶᠠᠳᠠᠨ ᠵᠡᠷᠭᠡ ᠨᠢᠭᠡ ᠪᠦᠯᠦᠭ ᠲᠡᠷᠢᠭᠦᠨ ᠤ ᠬᠠᠮᠲᠤ ᠪᠠ ᠬᠤᠪᠢ ᠬᠥᠮᠦᠨ ᠴᠣᠯᠭᠤᠷᠠᠨ ᠭᠠᠷᠴᠠᠢ᠃ 2016 ᠣᠨ ᠤ 8 ᠰᠠᠷ᠎ᠠ ᠳᠤ᠂ ᠰᠢ ᠶᠢᠨ ᠫᠢᠩ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ᠲᠤᠰ ᠪᠠᠳ᠋ᠯᠢᠶᠣᠨ ᠳᠤ ︽ᠥᠨᠳᠦᠷᠯᠢᠭ ᠤᠨ ᠬᠢᠯᠢ ᠶᠢ ᠬᠠᠮᠠᠭᠠᠯᠠᠬᠰᠠᠨ ᠵᠢᠱᠢᠶᠡᠴᠢ ᠪᠠᠳ᠋ᠯᠢᠶᠣᠨ︾ ᠤ ᠢᠷᠠᠭᠤ ᠠᠯᠳᠠᠷ ᠤᠨ ᠴᠣᠯᠠ ᠣᠯᠭᠤᠪᠠ᠃ ᠤ᠊ ᠵᠢᠷ᠎ᠠ ᠶᠢᠨ ᠡᠳᠦᠷ᠂ ᠪᠦᠬᠦ ᠪᠠᠳ᠋ᠯᠢᠶᠣᠨ ᠤ ᠳᠠᠷᠤᠭ᠎ᠠ ᠪᠠᠶᠢᠯᠳᠤᠭᠴᠢᠳ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ 5 ᠵᠢᠯ ᠤᠨ ᠲᠤᠷᠰᠢᠬᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠤᠯᠤᠰ ᠢᠶᠠᠨ ᠬᠠᠮᠠᠭᠠᠯᠠᠵᠤ ᠬᠢᠯᠢ ᠪᠠᠨ ᠰᠠᠬᠢᠬᠤ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠭᠰᠡᠨ ᠪᠠᠶᠢᠨ᠎ᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ