︽ᠳᠡᠭᠷᠢ ᠶᠢᠨ ᠬᠡᠰᠢᠭᠳᠦ ᠪᠤᠷᠤᠳᠤᠬᠤᠢ︾ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷ᠎ᠡ ᠳᠡᠮᠳᠡᠭ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 10 ᠤ ᠡᠳᠦᠷ᠂ ︽ᠳᠡᠭᠷᠢ ᠶᠢᠨ ᠬᠡᠰᠢᠭᠳᠦ ᠪᠤᠷᠤᠳᠤᠬᠤᠢ︾ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷ᠎ᠡ ᠳᠡᠮᠳᠡᠭ ᠤᠨ ᠪᠠᠶᠢᠯᠳᠤᠬᠤ ᠪᠤᠳᠤᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠭᠴᠢ ᠬᠤᠳᠠ ᠶᠢᠨ ᠳᠠᠷᠤᠭ᠎ᠠ ᠸᠠᠩ ᡁᠢ ᠫᠢᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠳᠠᠯᠪᠢᠵᠤ᠂ ᠳᠤᠮᠳᠠᠳᠤ ᠤᠯᠤᠰ ᠤᠨ ᠬᠤᠳᠠᠯᠳᠤᠭᠠᠴᠢᠳ ᠤᠨ ᠠᠶᠢᠮᠠᠭ ᠪᠦᠯᠦᠭ ᠤᠨ ᠰᠤᠳᠤᠯᠬᠤ ᠬᠦᠷᠢᠶᠡᠯᠡᠩ ᠤᠨ ᠡᠭᠦᠰᠭᠡᠭᠴᠢ ᠬᠦᠷᠢᠶᠡᠯᠡᠩ ᠤᠨ ᠳᠠᠷᠤᠭ᠎ᠠ᠂ ᠪᠦᠬᠦ ᠤᠯᠤᠰ ᠤᠨ ᠦᠪᠤᠷ ᠮᠤᠩᠭᠤᠯ ᠤᠨ ᠬᠤᠳᠠᠯᠳᠤᠭᠠᠴᠢᠳ ᠤᠨ ᠡᠪᠯᠡᠯ ᠤᠨ ᠬᠤᠯᠪᠤᠭᠠᠳᠤ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠯᠢ ᠶᠤᠸᠠᠢ ᠴᠢᠩ ᠵᠡᠷᠭᠡ ᠠᠵᠢᠯ ᠲᠦᠷᠦᠯ ᠤᠨ ᠳᠤᠰᠬᠠᠢ ᠮᠡᠷᠭᠡᠵᠢᠯᠳᠡᠨ᠂ ᠠᠵᠤ ᠠᠬᠤᠢᠢᠯᠠᠯ ᠤᠨ ᠲᠦᠯᠦᠭᠡᠯᠡᠭᠴᠢ ᠬᠢᠭᠡᠳ ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠶᠠᠷᠢᠯᠴᠠᠭ᠎ᠠ ᠰᠤᠯᠢᠯᠴᠠᠭ᠎ᠠ ᠬᠢᠪᠡ᠃ ᠬᠤᠳᠠ ᠶᠢᠨ ᠤᠳᠤᠷᠢᠳᠤᠯᠭ᠎ᠠ ᠹᠧᠩ ᠠᠢ ᠰᠢᠶᠠ᠂ ᠢᠤᠢ ᠯᠢ ᠶᠢᠩ᠂ ᠭᠦᠸᠧ ᠵᠠᠨ ᠵᠢᠶᠠᠩ ᠬᠤᠷᠠᠯ ᠳᠤ ᠤᠷᠤᠯᠴᠠᠪᠠ᠃      ᠸᠠᠩ ᡁᠢ ᠫᠢᠩ ᠪᠠᠶᠠᠨᠨᠠᠭᠤᠷ ᠤᠨ ᠡᠯ᠎ᠡ ᠲᠦᠷᠦᠯ ᠤᠨ ᠦᠢᠯᠡᠰ ᠤᠨ ᠬᠦᠭᠵᠢᠯᠳᠡ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤᠰᠬᠠᠢ ᠮᠡᠷᠭᠡᠵᠢᠯᠳᠡᠨ ᠪᠠ ᠠᠵᠤ ᠠᠬᠤᠢᠢᠯᠠᠯᠳᠠᠨ ᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠵᠦ᠂ ᠨᠡᠩ ᠤᠯᠠᠨ ᠪᠤᠳᠠᠳᠤ ᠬᠦᠴᠦᠨ ᠲᠠᠢ᠂ ᠨᠦᠭᠡᠴᠡ ᠬᠦᠴᠦᠨ ᠲᠠᠢ᠂ ᠡᠭᠦᠷᠭᠡᠯᠡᠯ ᠲᠠᠢ ᠠᠵᠤ ᠠᠬᠤᠢᠢᠯᠠᠯᠳᠠᠨ ᠪᠠᠶᠠᠨᠨᠠᠭᠤᠷ ᠲᠤ ᠢᠷᠡᠵᠦ ᠪᠠᠶᠢᠴᠠᠭᠠᠯᠳᠠ ᠬᠢᠵᠦ᠂ ᠳᠤᠭᠤᠷᠢᠨ ᠵᠤᠭᠠᠴᠠᠵᠤ᠂ ᠪᠡᠯᠡ ᠤᠷᠤᠭᠤᠯᠤᠨ ᠦᠢᠯᠡᠰ ᠢᠶᠠᠨ ᠬᠦᠭᠵᠢᠭᠦᠯᠵᠦ᠂ ᠪᠠᠶᠠᠨᠨᠠᠭᠤᠷ ᠤᠨ ᠤᠳᠤ ᠦᠶ᠎ᠡ ᠶᠢᠨ ᠳᠠᠷᠢᠶᠠᠯᠠᠩ ᠤᠨ ᠬᠦᠭᠵᠢᠯᠳᠡ ᠶᠢ ᠳᠠᠬᠢᠨ ᠰᠢᠨ᠎ᠡ ᠳᠡᠭᠳᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠰᠬᠠᠢ ᠮᠡᠷᠭᠡᠵᠢᠯᠳᠡᠨ ᠡᠷᠳᠡᠮᠳᠡᠨ ᠪᠠ ᠠᠵᠤ ᠠᠬᠤᠢᠢᠯᠠᠯᠳᠠᠨ ᠨᠠᠷ ᠪᠤᠳᠤᠯ ᠰᠠᠨᠠᠯ ᠢᠶᠠᠨ ᠴᠢᠯᠦᠭᠡᠳᠠᠢ ᠶᠠᠷᠢᠵᠤ᠂ ︽ᠳᠡᠭᠷᠢ ᠶᠢᠨ ᠬᠡᠰᠢᠭᠳᠦ ᠪᠤᠷᠤᠳᠤᠬᠤᠢ︾ ᠨᠡᠷ᠎ᠡ ᠳᠡᠮᠳᠡᠭ ᠤᠨ ᠪᠠᠶᠢᠭᠤᠯᠤᠯᠳᠠ ᠶᠢᠨ ᠤᠳᠤᠬᠢ ᠪᠠᠶᠢᠳᠠᠯ ᠪᠠ ᠢᠷᠡᠭᠡᠳᠥᠢ ᠶᠢᠨ ᠲᠥᠯᠥᠪ ᠢ ᠤᠯᠠᠨ ᠬᠠᠷᠠᠭᠠᠰᠤ ᠠᠴᠠ ᠰᠤᠳᠤᠯᠤᠨ ᠶᠠᠷᠢᠯᠴᠠᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠬᠤ᠂ ᠰᠤᠶᠤᠯ ᠵᠤᠭᠠᠴᠠᠯ ᠤᠨ ᠬᠦᠨᠵᠡᠭᠡᠢ ᠠᠭᠤᠰᠤᠯᠴᠠᠯ ᠢ ᠠᠬᠢᠭᠤᠯᠬᠤ᠂ ᠤᠨᠴᠠᠯᠢᠭ ᠳᠠᠪᠠᠭᠤᠯᠢᠭᠳᠤ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠬᠦ᠂ ᠳᠠᠷᠢᠶᠠᠴᠢᠨ ᠪᠠ ᠠᠵᠤ ᠠᠬᠤᠢᠢᠯᠠᠯ ᠤᠨ ᠠᠰᠢᠭ ᠳᠤᠰᠠ ᠶᠢ ᠬᠤᠯᠪᠤᠯᠳᠤᠭᠤᠯᠬᠤ ᠳᠤᠭᠳᠠᠴᠠ ᠶᠢ ᠳᠡᠭᠦᠯᠳᠡᠷᠵᠢᠭᠦᠯᠬᠦ᠂ ᠦᠢᠯᠡᠳᠪᠤᠷᠢᠯᠡᠨ ᠡᠳ᠋ᠰᠢᠭᠦᠯᠬᠦ ᠠᠵᠤ ᠠᠬᠤᠢᠢᠯᠠᠯ ᠪᠠ ᠢᠳᠡᠭᠡᠨ ᠤᠮᠳᠠᠭᠠᠨ ᠤ ᠠᠵᠤ ᠠᠬᠤᠢᠢᠯᠠᠯ ᠤᠨ ᠤᠯᠠᠨ ᠳᠡᠰ ᠳᠠᠪᠬᠤᠷᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ ᠵᠡᠷᠭᠡ ᠠᠵᠢᠯ ᠤᠨ ᠳᠠᠯ᠎ᠠ ᠪᠠᠷ ᠠᠷᠭ᠎ᠠ ᠤᠬᠠᠭᠠᠨ ᠭᠠᠷᠭᠠᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ