ᠭᠤᠴᠢᠨ ᠳᠤᠯᠤᠳᠡᠬᠢ ᠪᠠᠭᠰᠢ ᠶᠢᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ 9 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠤᠷᠤᠯᠠᠭᠴᠢ ᠬᠤᠳᠠ ᠶᠢᠨ ᠳᠠᠷᠤᠭ᠎ᠠ ᠸᠠᠩ ᡁᠢ ᠫᠢᠩ ᠤᠷᠢᠳ ᠬᠤᠵᠢᠳ ᠪᠤᠷᠤᠳᠤᠬᠤᠢ ᠳᠡᠭᠡᠳᠦ ᠰᠤᠷᠭᠠᠭᠤᠯᠢ᠂ ᠬᠠᠩᠬᠢᠨ ᠬᠤᠶᠢᠳᠤ ᠬᠤᠰᠢᠭᠤᠨ ᠤ ᠹᠧᠨ | ᠳ᠋ᠸᠤ ᠳᠤᠮᠳᠠᠳᠤ ᠰᠤᠷᠭᠠᠭᠤᠯᠢ᠂ ᠬᠤᠳᠠ ᠶᠢᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠳᠤ ᠬᠦᠷᠴᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠡᠮᠦᠨ᠎ᠡ ᠠᠴᠠ ᠪᠠᠭᠰᠢᠨᠠᠷ ᠤᠨ ᠲᠦᠯᠦᠭᠡᠯᠡᠭᠴᠢ ᠶᠢ ᠳᠣᠲᠣᠨᠣᠰᠤᠭ ᠢᠶᠠᠷ ᠪᠤᠯᠭᠤᠭᠠᠨ ᠦᠵᠡᠵᠦ᠂ ᠳᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ | ᠬᠦᠷᠭᠡᠪᠡ᠃ | ᠪᠤᠷᠤᠳᠤᠬᠤᠢ ᠳᠡᠭᠡᠳᠦ ᠰᠤᠷᠭᠠᠭᠤᠯᠢ ᠳᠤ᠂ ᠸᠠᠩ ᡁᠢ ᠫᠢᠩ ᠤᠳᠤᠮᠯᠠᠯ ᠤᠨ ᠦᠷ᠎ᠡ ᠪᠤᠶᠢᠵᠢᠭᠤᠯᠬᠤ ᠪᠠ ᠦᠷᠡᠵᠢᠭᠦᠯᠬᠦ ᠰᠤᠳᠤᠯᠭᠠᠨ ᠤ ᠲᠦᠪ ᠤᠨ ᠡᠷᠬᠢᠯᠡᠭᠴᠢ | ᠸᠠᠩ ᠬᠦᠢ᠂ ᠳᠠᠷᠢᠶᠠᠯᠠᠩ ᠤᠨ ᠤᠬᠠᠭᠠᠨ ᠤ ᠰᠠᠯᠪᠤᠷᠢ ᠶᠢᠨ ᠡᠷᠬᠢᠯᠡᠭᠴᠢ ᠯᠢ ᠶᠠ ᠵᠧᠨ ᠢ ᠪᠤᠯᠭᠤᠭᠠᠨ ᠦᠵᠡᠵᠦ᠂ ᠡᠷᠳᠡᠮ ᠰᠢᠨᠵᠢᠯᠡᠭᠡᠨ ᠤ ᠠᠵᠢᠯ ᠪᠠ ᠵᠢᠭᠠᠨ | ᠰᠤᠷᠭᠠᠯᠳᠠ ᠶᠢᠨ ᠪᠠᠶᠢᠳᠠᠯ ᠢ ᠨᠠᠷᠢᠨ ᠤᠢᠢᠯᠠᠭᠠᠵᠤ᠂ ᠳᠡᠳᠡᠨ ᠤ ᠤᠯᠤᠭᠰᠠᠨ ᠠᠮᠵᠢᠯᠳᠠ ᠳᠤ ᠪᠠᠶᠠᠷ ᠬᠦᠷᠭᠡᠵᠦ᠂ ᠳᠡᠳᠡᠨ ᠤ ᠰᠢᠷᠭᠠᠭᠤ ᠴᠢᠷᠮᠠᠶᠢᠯᠭ᠎ᠠ ᠳᠤ | ᠳᠠᠯᠠᠷᠬᠠᠯ ᠢᠶᠠᠨ ᠢᠯᠡᠳᠬᠡᠪᠡ᠃ | ᠬᠠᠩᠬᠢᠨ ᠬᠤᠶᠢᠳᠤ ᠬᠤᠰᠢᠭᠤᠨ ᠤ ᠹᠧᠨ ᠳ᠋ᠸᠤ ᠳᠤᠮᠳᠠᠳᠤ ᠰᠤᠷᠭᠠᠭᠤᠯᠢ ᠳᠤ᠂ ᠸᠠᠩ ᡁᠢ ᠫᠢᠩ ᠠᠩᠭ᠍ᠯᠢ ᠬᠡᠯᠡᠨ ᠤ ᠪᠠᠭᠰᠢ ᠰᠢᠤᠢ ᠯᠢᠶᠤᠤ ᠶᠢ ᠪᠤᠯᠭᠤᠭᠠᠨ | ᠦᠵᠡᠵᠦ᠂ ᠦᠷᠭᠡᠨ ᠤᠯᠠᠨ ᠪᠠᠭᠰᠢᠨᠠᠷ ᠠᠯᠤᠰ ᠬᠡᠳᠦ ᠶᠢᠨ ᠬᠦᠰᠡᠯᠡᠩ ᠢ ᠡᠪᠤᠷᠯᠡᠨ᠂ ᠠᠵᠢᠯ ᠮᠡᠷᠭᠡᠵᠢᠯ ᠢᠶᠠᠨ ᠡᠷᠬᠢᠮᠯᠡᠨ ᠬᠠᠶᠢᠷᠠᠯᠠᠵᠦ᠂ ᠡᠷᠬᠢᠮ ᠳᠡᠭᠡᠳᠦ ᠵᠠᠩ ᠠᠭᠠᠯᠢ | ᠪᠠ ᠤᠬᠢ ᠰᠠᠶᠢᠨ ᠦᠵᠡᠯ ᠰᠠᠨᠠᠭ᠎ᠠ ᠶᠤᠰᠤ ᠮᠤᠷᠠᠯ ᠢᠶᠠᠷ ᠢᠶᠠᠨ ᠰᠤᠷᠤᠭᠴᠢᠳ ᠢᠶᠠᠨ ᠬᠦᠮᠦᠵᠢᠭᠦᠯᠦᠨ ᠨᠦᠯᠦᠭᠡᠯᠡᠵᠦ᠂ ᠦᠷᠭᠡᠨ ᠳᠡᠯᠭᠡᠷ ᠡᠷᠳᠡᠮ ᠮᠡᠳᠡᠯᠭᠡ ᠪᠠᠷ ᠢᠶᠠᠨ | ᠨᠡᠶᠢᠭᠡᠮ ᠤᠨ ᠬᠦᠨᠳᠦᠳᠬᠡᠯ ᠢ ᠤᠯᠬᠤ ᠶᠢ ᠵᠤᠷᠢᠬᠵᠢᠭᠤᠯᠪᠠ᠃ | ᠬᠤᠳᠠ ᠶᠢᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠳᠤ᠂ ᠸᠠᠩ ᡁᠢ ᠫᠢᠩ ᠪᠤᠤ ᠬᠠᠢ ᠶᠢᠩ ᠪᠠᠭᠰᠢ ᠶᠢ ᠪᠤᠯᠭᠤᠭᠠᠨ ᠦᠵᠡᠵᠦ᠂ ᠤᠯᠤᠰ ᠤᠨ | ᠨᠢᠭᠡᠳᠦᠯᠳᠠᠢ ᠨᠠᠶᠢᠷᠠᠭᠤᠯᠤᠭᠰᠠᠨ ᠵᠢᠭᠠᠵᠤ ᠮᠠᠲᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠨᠠᠷᠢᠨ ᠤᠢᠢᠯᠠᠭᠠᠪᠠ᠃ ᠳᠡᠷᠡ ᠴᠢᠬᠤᠯᠠᠴᠢᠯᠠᠬᠤ ᠳᠤ ᠪᠠᠨ᠂ ᠦᠷᠭᠡᠨ | ᠤᠯᠠᠨ ᠪᠠᠭᠰᠢ ᠨᠠᠷ ᠪᠠ ᠰᠤᠷᠭᠠᠨ ᠬᠦᠮᠦᠵᠢᠯ ᠤᠨ ᠠᠵᠢᠯᠳᠠᠨ ᠶᠤᠰᠤ ᠰᠤᠷᠳᠠᠬᠤᠨ ᠢ ᠪᠤᠢ ᠪᠤᠯᠭᠠᠨ ᠬᠦᠮᠦᠨ ᠢ ᠬᠦᠮᠦᠵᠢᠭᠦᠯᠬᠦ ᠤᠭ ᠰᠠᠨᠠᠭ᠎ᠠ ᠪᠠᠨ ᠢᠮᠠᠭᠳᠠ | ᠪᠠᠷᠢᠮᠳᠠᠯᠠᠵᠤ᠂ ᠤᠯᠤᠰ ᠤᠨ ᠲᠦᠯᠦᠭᠡ ᠴᠢᠳᠠᠪᠤᠷᠢᠳᠠᠨ ᠬᠦᠮᠦᠵᠢᠭᠦᠯᠬᠦ ᠡᠭᠦᠷᠭᠡ ᠪᠠᠨ ᠪᠠᠳᠤ ᠴᠡᠭᠡᠵᠢᠯᠡᠵᠦ᠂ ᠡᠩ ᠤᠨ ᠠᠵᠢᠯ ᠤᠨ ᠪᠠᠶᠢᠷᠢᠨ ᠳᠤ ᠡᠩ ᠤᠨ ᠪᠤᠰᠤ | ᠠᠮᠵᠢᠯᠳᠠ ᠪᠦᠳᠦᠮᠵᠢ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠤ᠂ ᠤᠯᠤᠰ ᠤᠨ | ᠨᠢᠭᠡᠳᠦᠯᠳᠠᠢ ᠨᠠᠶᠢᠷᠠᠭᠤᠯᠤᠭᠰᠠᠨ ᠵᠢᠭᠠᠵᠤ ᠮᠠᠲᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠨᠠᠷᠢᠨ ᠪᠤᠳᠠᠳᠠᠢ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠦᠨ ᠲᠦᠬᠡᠮᠡᠯᠵᠢᠭᠦᠯᠵᠦ᠂ ︽ᠬᠤᠶᠠᠷ ᠢ ᠬᠦᠩᠭᠡᠷᠡᠭᠦᠯᠬᠦ︾ ᠠᠵᠢᠯ ᠢ ᠯᠠᠪᠳᠠᠭᠤᠨ ᠪᠠᠳᠤᠳᠠᠢ ᠬᠢᠵᠦ᠂ ᠬᠡᠤᠬᠡᠳ ᠤᠨ ᠦᠰᠦᠨ | ᠪᠤᠶᠢᠵᠢᠵᠤ ᠴᠢᠳᠠᠪᠤᠷᠢᠳᠠᠨ ᠪᠤᠯᠬᠤ ᠬᠡᠷᠡᠭᠴᠡᠭᠡ ᠱᠠᠭᠠᠷᠳᠠᠯᠭ᠎ᠠ ᠶᠢ ᠳᠠᠰᠤᠷᠠᠯᠳᠠ ᠦᠭᠡᠢ ᠬᠠᠩᠭᠠᠵᠤ᠂ ᠬᠡᠤᠬᠡᠳ ᠢ ᠨᠡᠩ ᠠᠭᠤᠳᠠᠮ ᠰᠠᠷᠠᠭᠤᠯ ᠢᠷᠡᠭᠡᠳᠦᠢ ᠲᠠᠢ ᠪᠤᠯᠭᠠᠬᠤ | ᠬᠡᠷᠡᠭᠳᠠᠢ ᠭᠡᠵᠡᠢ᠃ | ᠸᠠᠩ ᡁᠢ ᠫᠢᠩ ᠵᠢᠭᠠᠵᠤ ᠭᠠᠷᠭᠠᠬᠤ ᠳᠤ ᠪᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠪᠠᠭᠰᠢ ᠶᠢ ᠬᠦᠨᠳᠦᠯᠡᠨ ᠰᠤᠷᠭᠠᠨ ᠬᠦᠮᠦᠵᠢᠯ ᠢ ᠡᠷᠬᠢᠮᠯᠡᠬᠦ ᠰᠢᠯᠢᠳᠡᠭ | ᠤᠯᠠᠮᠵᠢᠯᠠᠯ ᠢᠶᠠᠨ ᠬᠦᠴᠦᠳᠠᠢ ᠪᠠᠳᠠᠷᠠᠭᠤᠯᠵᠤ᠂ ᠪᠠᠭᠰᠢ ᠶᠢᠨ ᠤᠯᠭᠤᠮᠵᠢ ᠶᠢ ᠦᠨᠡᠨ ᠬᠦ ᠪᠠᠳᠤᠯᠠᠨ ᠰᠠᠶᠢᠵᠢᠷᠠᠭᠤᠯᠵᠤ᠂ ᠥᠷᠭᠡᠨ ᠤᠯᠠᠨ ᠪᠠᠭᠰᠢ ᠨᠠᠷ ᠢ ᠰᠡᠳᠬᠢᠯ | ᠠᠮᠤᠷ ᠪᠠᠭᠰᠢᠯᠠᠭᠤᠯᠵᠤ᠂ ᠬᠠᠯᠠᠭᠤᠨ ᠰᠡᠳᠬᠢᠯ ᠢᠶᠠᠷ ᠪᠠᠭᠰᠢᠯᠠᠭᠤᠯᠵᠤ᠂ ᠰᠡᠳᠬᠢᠯ ᠳᠠᠭᠠᠯᠠᠮᠵᠢᠳᠠᠢ ᠪᠠᠭᠰᠢᠯᠠᠭᠤᠯᠵᠤ᠂ ᠠᠵᠢᠯ ᠤᠨ ᠪᠠᠶᠢᠷᠢ ᠳᠡᠭᠡᠷ᠎ᠡ ᠪᠠᠨ ᠵᠣᠯ | ᠵᠢᠷᠭᠠᠯᠳᠤ ᠲᠦᠷᠦᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ ᠠᠮᠵᠢᠯᠲᠠ ᠪᠦᠲᠦᠮᠵᠢ ᠶᠢᠨ ᠲᠦᠷᠦᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷ ᠤᠨ | ᠲᠦᠷᠦᠭᠳᠡᠯ ᠲᠠᠢ ᠪᠣᠯᠭᠠᠵᠤ᠂ ᠪᠠᠭᠰᠢ ᠶᠢᠨ ᠠᠵᠢᠯ ᠢ ᠦᠨᠡᠨ ᠬᠦ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ ᠬᠥᠮᠦᠨ ᠢ ᠪᠢᠰᠢᠷᠡᠭᠦᠯᠦᠮ᠎ᠡ ᠠᠵᠢᠯ | ᠲᠦᠷᠦᠯ ᠪᠣᠯᠭᠠᠬᠤ ᠬᠡᠷᠡᠭᠳᠠᠢ ᠭᠡᠵᠡᠢ᠃ | |