9 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠳᠤᠭᠤᠢᠢᠯᠠᠩ ᠤᠨ ᠱᠦᠵᠢ᠂ ᠤᠷᠤᠯᠠᠭᠴᠢ ᠬᠤᠳᠠ ᠶᠢᠨ ᠳᠠᠷᠤᠭ᠎ᠠ ᠸᠠᠩ ᡁᠢ ᠫᠢᠩ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ | ︵ᠦᠷᠬᠡᠳᠬᠡᠭᠰᠡᠨ︶ ᠬᠤᠷᠠᠯ ᠵᠢᠴᠢ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠰᠤᠷᠤᠯᠴᠠᠬᠤ ︵ᠦᠷᠬᠡᠳᠬᠡᠭᠰᠡᠨ︶ | ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠳᠠ ᠶᠢᠨ ᠤᠳᠤᠷᠢᠳᠤᠯᠭ᠎ᠠ ᠢᠤᠢ ᠯᠢ ᠶᠢᠩ᠂ ᠴᠢᠤ ᠶᠦᠩ ᠬᠤᠩ᠂ ᠭᠦᠸᠧ ᠵᠠᠨ ᠵᠢᠶᠠᠩ᠂ ᠷᠧᠨ ᠢ ᠴᠢᠶᠦ᠋ᠨ᠂ ᠵᠤᠤ | ᠸᠧᠢ ᠹᠧᠩ᠂ ᠠᠴᠢᠳᠤ ᠬᠤᠷᠠᠯ ᠳᠤ ᠤᠷᠤᠯᠴᠠᠪᠠ᠃ | ᠬᠤᠷᠠᠯ ᠳᠤ ᠰᠢ ᠶᠢᠨ ᠫᠢᠩ ᠶᠡᠷᠦᠩᠬᠡᠢ ᠱᠦᠵᠢ ᠶᠢᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠭᠦᠨ᠂ ᠡᠯ᠎ᠡ ᠳᠡᠳ᠋ | ᠬᠤᠳᠠ ᠶᠢᠨ ᠳᠠᠷᠤᠭ᠎ᠠ ᠰᠢ ᠶᠢᠨ ᠫᠢᠩ ᠶᠡᠷᠦᠩᠬᠡᠢ ᠱᠦᠵᠢ ᠶᠢᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠲᠠᠢ | ᠤᠶᠠᠯᠳᠤᠭᠤᠯᠤᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠭᠤᠷᠪᠠᠨ ᠨᠠᠭᠤᠷ︾ ᠪᠠ ᠤᠳᠤ ᠦᠶ᠎ᠡ ᠶᠢᠨ ᠳᠠᠷᠢᠶᠠᠯᠠᠩ ᠢ ᠬᠦᠭᠵᠢᠭᠦᠯᠬᠦ ᠳᠤᠬᠠᠢ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠵᠤ᠂ ︽ᠬᠤᠶᠠᠷ ᠰᠠᠭᠤᠷᠢᠨ ᠭᠠᠵᠠᠷ︾ ︽ᠬᠤᠶᠠᠷ ᠬᠠᠯᠬᠠᠪᠴᠢ︾ ᠪᠠ ︽ᠨᠢᠭᠡ | ᠳᠡᠷᠢᠭᠦᠨ ᠪᠤᠭᠤᠮᠳᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠭᠳᠠᠭᠠᠯᠳᠠ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠠᠭᠠᠨᠰᠤᠬᠠᠢ ᠨᠠᠭᠤᠷ ᠤᠨ ᠰᠠᠪᠠ | ᠭᠠᠵᠠᠷ ᠤᠨ ᠠᠭᠤᠯᠠ ᠤᠰᠤ ᠤᠢ ᠳᠠᠷᠢᠶ᠎ᠠ ᠨᠠᠭᠤᠷ ᠪᠡᠯᠴᠢᠭᠡᠷ ᠡᠯᠡᠰᠦᠨ ᠤ ᠠᠮᠢ ᠠᠬᠤᠢ ᠶᠢᠨ ᠬᠠᠮᠠᠭᠠᠯᠠᠯᠳᠠ᠂ ᠪᠤᠷᠤᠳᠤᠬᠤᠢ ᠶᠢᠨ ᠪᠦᠬᠦ ᠴᠠᠷᠠᠭᠠᠨ ᠤ ᠪᠤᠬᠢᠷᠳᠤᠯ | ᠦᠭᠡᠢ ᠤᠷᠭᠠᠨᠢᠭ ᠦᠨᠳᠦᠷ ᠳᠡᠰ ᠤᠨ ᠮᠠᠯ ᠳᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠤᠷᠢᠯᠡᠨ ᠡᠳ᠋ᠰᠢᠭᠦᠯᠵᠦ ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠳᠤᠳᠠᠭᠤᠳᠠᠯ ᠢᠶᠠᠨ ᠨᠦᠬᠦᠪᠤᠷᠢᠯᠡᠨ᠂ ᠪᠠᠭᠤᠷᠠᠢ ᠳᠠᠯ᠎ᠠ ᠪᠠᠨ | ᠴᠢᠩᠭᠠᠳᠬᠠᠵᠤ᠂ ᠠᠮᠢ ᠠᠬᠤᠢ ᠶᠢ ᠳᠡᠷᠢᠭᠦᠨ ᠳᠤ ᠳᠠᠯᠪᠢᠵᠤ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠳᠠᠢ ᠭᠡᠵᠦ ᠴᠢᠬᠤᠯᠠᠴᠢᠯᠠᠪᠠ᠃ | ᠬᠤᠷᠠᠯ ᠳᠤ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠵᠠᠰᠠᠭ ᠤᠨ | ᠤᠷᠳᠤᠨ ᠤ ᠰᠢᠰᠲᠧᠮ ᠤᠨ ᠡᠯ᠎ᠡ ᠱᠠᠳᠤᠨ ᠤ ᠤᠳᠤᠷᠢᠳᠬᠤ ᠺᠠᠳ᠋ᠷ ᠨᠠᠮ ᠤᠨ ᠵᠠᠭᠤᠨ ᠵᠢᠯ ᠤᠨ ᠳᠡᠮᠡᠴᠡᠯ ᠤᠨ ᠠᠶᠠᠨ ᠠᠴᠠ ᠤᠳᠤᠬᠢ ᠱᠠᠳᠤᠨ ᠤ ᠦᠨᠳᠦᠰᠦᠳᠡᠨ ᠤ | ᠠᠵᠢᠯ ᠤᠨ ᠳᠡᠤᠬᠡᠨ ᠤᠷᠤᠨ ᠪᠠᠶᠢᠷᠢ ᠪᠠ ᠴᠢᠬᠤᠯᠠ ᠡᠭᠦᠷᠭᠡ ᠶᠢ ᠡᠵᠡᠮᠳᠡᠵᠦ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠳᠡᠤᠬᠡ ᠶᠢᠨ ᠵᠠᠶᠢᠯᠠᠰᠢ ᠦᠭᠡᠢ ᠴᠢᠨᠠᠷ᠂ ᠳᠦᠢᠯ ᠤᠨ ᠴᠢᠬᠤᠯᠠ ᠴᠢᠨᠠᠷ ᠪᠠ ᠠᠬᠤᠶᠢᠴᠢ ᠴᠢᠭᠯᠡᠭᠦᠯᠦᠯᠲᠦ ᠴᠢᠨᠠᠷ ᠢ ᠬᠦᠨᠵᠡᠭᠡᠢ ᠳᠠᠨᠢᠵᠤ᠂ ᠳᠡᠭᠦᠨ ᠢ | ᠦᠨᠳᠦᠰᠦᠳᠡᠨ ᠤ ᠠᠵᠢᠯ ᠤᠨ ᠡᠯ᠎ᠡ ᠴᠠᠷᠠᠭ᠎ᠠ ᠪᠦᠬᠦ ᠶᠠᠪᠤᠴᠠ ᠳᠤ ᠳᠤᠭᠤᠰᠢᠯᠠᠭᠤᠯᠬᠤ ᠬᠡᠷᠡᠭᠳᠠᠢ᠃ ᠢᠮᠠᠭᠳᠠ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ | ᠦᠨᠳᠦᠷᠴᠡ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠶᠢ | ᠰᠤᠷᠤᠯᠴᠠᠨ ᠤᠢᠢᠯᠠᠭᠠᠵᠤ᠂ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠰᠢᠰᠲᠧᠮ ᠲᠠᠢ ᠬᠦᠨᠵᠡᠭᠡᠢ | ᠳᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠳᠠ ᠶᠤᠰᠤᠭᠠᠷ᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠰᠠᠶᠢᠳᠤᠷ ᠬᠠᠮᠠᠭᠠᠯᠠᠬᠤ ᠬᠡᠷᠡᠭᠳᠠᠢ ᠭᠡᠵᠦ | ᠴᠢᠬᠤᠯᠠᠴᠢᠯᠠᠪᠠ᠃ | ᠬᠤᠷᠠᠯ ᠳᠤ ᠪᠠᠰᠠ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ | ᠶᠡᠷᠦᠩᠬᠡᠢ ᠱᠦᠵᠢ ᠶᠢᠨ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ | ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠨᠧᠷᠬᠢ ᠶᠢᠨ ᠰᠤᠷᠪᠤᠯᠵᠢ ᠶᠢ ᠠᠷᠪᠢᠯᠠᠬᠤ ᠬᠠᠤᠯᠢ︾᠂ ᠪᠦᠬᠦ ᠤᠯᠤᠰ ᠤᠨ ︽ᠬᠤᠶᠠᠷ ᠶᠡᠬᠡᠳᠠᠢ︾ ᠲᠦᠷᠦᠯ ᠵᠦᠢᠯ ᠤᠨ ᠰᠤᠬᠤᠷ ᠪᠠᠯᠠᠢ ᠬᠦᠭᠵᠢᠯᠳᠡ ᠶᠢ | ᠡᠷᠡᠰ ᠬᠤᠷᠢᠬᠯᠠᠬᠤ ᠳᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ᠂ ᠲᠦᠪ ᠤᠨ ᠦᠭᠡᠷᠡᠴᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ᠬᠤᠷᠢᠶᠠᠨ ᠤ ᠬᠤᠷᠢᠨ | ᠨᠢᠭᠡᠳᠦᠭᠡᠷ ᠤᠳᠠᠭ᠎ᠠ ᠶᠢᠨ ᠬᠤᠷᠠᠯ᠂ 8 ᠰᠠᠷ᠎ᠠ ᠶᠢᠨ 31 ᠤ ᠡᠳᠦᠷ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠳᠤᠪᠴᠢᠶᠠᠨ ᠤ ᠬᠤᠷᠠᠯ ᠤᠨ ᠵᠤᠷᠢᠭ | ᠰᠠᠨᠠᠭ᠎ᠠ᠂ ᠱᠢ ᠲᠠᠢ ᠹᠧᠩ ᠱᠦᠵᠢ᠂ ᠸᠠᠩ ᠯᠢ ᠰᠢᠶᠠᠨ ᠳᠡᠷᠢᠭᠦᠯᠡᠭᠴᠢ ᠮᠠᠨ ᠤ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠶᠠᠷᠢᠶᠠᠨ ᠤ ᠵᠤᠷᠢᠭ | ᠰᠠᠨᠠᠭ᠎ᠠ ᠵᠡᠷᠭᠡ ᠠᠭᠤᠯᠭ᠎ᠠ ᠨᠤᠭᠤᠳ ᠢ ᠤᠯᠠᠮᠵᠢᠯᠠᠨ ᠰᠤᠷᠤᠯᠴᠠᠪᠠ᠃ | |