ᠮᠠᠨ ᠤ ᠬᠤᠲᠠ  ᠶᠢᠨ ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠬᠦᠷᠦᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ ᠪᠠᠰᠠ ᠨᠡᠮᠡᠭᠳᠡᠪᠡ
ᠨᠡᠶᠢᠲᠡᠯᠡᠭᠰᠡᠨ ᠴᠠᠭ᠄
2021/9/7
      ᠣᠶᠢᠷ᠎ᠠ ᠳᠤ᠂ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ 2021 ᠣᠨ ᠤ ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠬᠦᠷᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠨᠡᠷᠡᠰ ᠢ ᠨᠡᠶᠢᠲᠡᠯᠡᠪᠡ᠂ ᠥᠪᠥᠷ ᠮᠣᠩᠭᠤᠯ ᠤᠨ 6 ᠬᠤᠰᠢᠭᠤ ︵ᠬᠤᠲᠠ︶ ᠨᠡᠷᠡᠰ ᠤᠨ ᠵᠢᠭᠰᠠᠭᠠᠯᠲᠠ ᠳᠤ ᠣᠷᠣᠵᠤ ᠂ ᠮᠠᠨ ᠤ ᠬᠤᠲᠠ ᠶᠢᠨ ᠤᠷᠠᠳ ᠤᠨ ᠳᠤᠮᠳᠠᠳᠤ ᠬᠤᠰᠢᠭᠤ ᠡᠭᠦᠨ ᠳᠤ ᠵᠢᠭᠰᠠᠭᠠᠭᠳᠠᠵᠠᠶ᠃ ᠡᠨᠡ ᠪᠣᠯ ᠦᠶᠤᠸᠠᠨ ᠰᠢᠶᠠᠨ ︵2015 ᠣᠨ ᠳᠤ ᠵᠥᠪᠰᠢᠶᠡᠷᠡᠯ ᠣᠯᠤᠭᠰᠠᠨ︶᠂ ᠤᠷᠠᠳ ᠤᠨ ᠡᠮᠦᠨᠡᠲᠦ ᠬᠤᠰᠢᠭᠤ ︵2016 ᠣᠨ ᠳᠤ ᠵᠥᠪᠰᠢᠶᠡᠷᠡᠯ ᠣᠯᠤᠭᠰᠠᠨ︶ ᠶᠢᠨ ᠳᠠᠷᠠᠭ᠎ᠠ᠂ ᠮᠠᠨ ᠤ ᠬᠤᠲᠠ ᠶᠢᠨ ᠵᠥᠪᠰᠢᠶᠡᠷᠡᠯ ᠣᠯᠤᠭᠰᠠᠨ ᠭᠤᠷᠪᠠᠳᠠᠬᠢ ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠬᠦᠷᠦᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠢᠶᠠᠨ ᠪᠣᠯᠤᠨ᠎ᠠ᠃       ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠬᠦᠷᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ  ᠵᠦᠢᠯ ᠪᠣᠯ ᠤᠯᠤᠰ ᠤᠨ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠡᠯᠧᠺᠲᠷᠣᠨ  ᠬᠤᠳᠠᠯᠳᠤᠭ᠎ᠠ ᠬᠥᠳᠡᠭᠡ ᠲᠣᠰᠬᠤᠨ ᠳᠤ  ᠬᠦᠷᠬᠦ ᠪᠦᠷᠬᠦᠴᠡ ᠶᠢ ᠥᠷᠭᠡᠳᠬᠡᠵᠦ᠂ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ  ᠤ ᠰᠢᠰᠲ᠋ᠧᠮᠵᠢ ᠶᠢ ᠪᠦᠷᠢᠨᠰᠢᠬᠦᠯᠦᠨ᠂ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ ᠶᠢᠨ ᠲᠥᠯᠥᠭᠡ ᠬᠡᠷᠡᠭᠵᠢᠭᠦᠯᠦᠭᠰᠡᠨ ᠲᠥᠪ ᠤᠨ ᠡᠳ᠋ ᠤᠨ  ᠵᠠᠰᠠᠭ ᠤᠨ ᠭᠤᠣᠯᠳᠠᠯᠭ᠎ᠠ ᠲᠠᠢ ᠳᠡᠮᠵᠢᠵᠦ ᠪᠠᠶᠢᠭ᠎ᠠ ᠲᠥᠷᠥᠯ ᠵᠦᠢᠯ ᠪᠣᠯᠣᠨ᠎ᠠ᠃      ᠲᠣᠰ ᠲᠥᠷᠥᠯ ᠵᠦᠢᠯ ᠵᠥᠪᠰᠢᠶᠡᠷᠡᠭᠳᠡᠭᠰᠡᠨ ᠤ ᠳᠠᠷᠠᠭ᠎ᠠ ᠵᠢᠱᠢᠯᠲᠡ ᠪᠠᠷ 2000 ᠲᠦᠮᠡᠨ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠭᠥᠷᠳᠡᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ  ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠬᠦᠯᠬᠦ᠂ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠦᠢᠯᠡᠰ ᠢ ᠴᠣᠭᠴᠠᠯᠠᠬᠤ  ᠠᠵᠤ ᠠᠬᠤᠶᠢᠯᠠᠯ ᠤᠨ ᠳᠠᠭᠠᠭᠤᠯᠤᠭᠴᠢ ᠶᠢ ᠪᠤᠶᠢᠵᠢᠭᠤᠯᠬᠤ  ᠵᠡᠷᠭᠡ 4 ᠲᠠᠯ᠎ᠠ ᠶᠢᠨ ᠪᠠᠶᠢᠭᠤᠯᠤᠯᠲᠠ ᠳᠤ ᠬᠡᠷᠡᠭᠯᠡᠨ᠎ᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ