ᠥᠪᠥᠷ ᠮᠣᠩᠭᠤᠯ ᠤᠨ ᠱᠦᠨ ᠹᠧᠩ ᠦᠬᠡᠷ ᠬᠤᠨᠢᠨ ᠮᠢᠬ᠎ᠠ ᠶᠢᠨ ᠪᠥᠬᠦ ᠤᠯᠤᠰ ᠤᠨ  ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/9/7
      9 ᠰᠠᠷ᠎ᠠ ᠶᠢᠨ 5 ᠤ ᠡᠳᠦᠷ᠂ 2021 ᠣᠨ ᠤ ᠥᠪᠥᠷ ᠮᠣᠩᠭᠤᠯ ᠤᠨ ᠱᠦᠨ  ᠹᠧᠩ ᠦᠬᠡᠷ ᠬᠤᠨᠢᠨ ᠮᠢᠬ᠎ᠠ ᠶᠢᠨ ᠪᠥᠬᠦ ᠤᠯᠤᠰ ᠤᠨ  ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ᠃       ᠬᠤᠷᠠᠯ ᠳᠡᠭᠡᠷ᠎ᠡ᠂ ᠬᠤᠯᠪᠣᠭᠳᠠᠯ ᠪᠥᠬᠦᠶ ᠬᠠᠷᠢᠭᠤᠴᠠᠯᠭᠠᠲᠠᠨ 2021 ᠣᠨ ᠤ ᠱᠦᠨ  ᠹᠧᠩ ᠤᠨ ᠥᠪᠥᠷ ᠮᠣᠩᠭᠤᠯ ᠤᠨ ᠦᠬᠡᠷ ᠬᠤᠨᠢᠨ ᠮᠢᠬᠠᠨ ᠤ ᠪᠠᠷᠠᠭᠠᠨ ᠤ  ᠭᠦᠢᠯᠭᠡᠭᠡ ᠶᠢ  ᠰᠢᠢᠳᠪᠦᠷᠢᠯᠡᠬᠦ ᠲᠥᠰᠦᠯ ᠳᠤ ᠲᠠᠶᠢᠯᠤᠮᠵᠢ ᠬᠢᠵᠦ᠂ ᠱᠦᠨ ᠹᠧᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ᠂ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠵᠢᠴᠢ ᠬᠠᠮᠲᠤᠷᠠᠯᠴᠠᠭᠠᠨ ᠤ ᠲᠥᠯᠥᠪᠵᠢᠭᠦᠯᠭᠡ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠵᠡᠷᠭᠡ ᠠᠭᠤᠯᠭ᠎ᠠ ᠳᠤ ᠲᠠᠶᠢᠯᠤᠮᠵᠢ ᠬᠢᠪᠠ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠥᠪᠥᠷ ᠮᠣᠩᠭᠤᠯ ᠤᠨ ᠱᠦᠨ ᠹᠧᠩ ᠲᠦᠷᠭᠡᠨ ᠵᠥᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠪᠠᠶᠠᠨᠨᠠᠭᠤᠷ ᠤᠨ ᠬᠤᠪᠢᠶᠠᠷᠢ ᠺᠣᠮᠫᠠᠨᠢ ᠳᠤ ᠫᠠᠶᠢᠰᠠ ᠣᠯᠭᠤᠪᠠ︔ ᠥᠪᠥᠷ ᠮᠣᠩᠭᠤᠯ ᠤᠨ ᠰᠢᠶᠤᠤ ᠹᠸᠢ ᠶᠠᠩ ᠢᠳᠡᠭᠡᠨ ᠤ ᠬᠢᠵᠠᠭᠠᠷᠲᠤ ᠺᠣᠮᠫᠠᠨᠢ᠂ ᠬᠠᠩᠵᠧᠦ ᠶᠢᠨ ᠶᠧ ᠶᠠᠩ ᠵᠢᠤᠢ ᠫᠢᠨ ᠰᠦᠯᠵᠢᠶᠡᠨ ᠤ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠲᠣᠰ ᠲᠣᠰ ᠥᠪᠥᠷ ᠮᠣᠩᠭᠤᠯ ᠤᠨ ᠱᠦᠨ ᠹᠧᠩ ᠲᠦᠷᠭᠡᠨ ᠵᠥᠭᠡᠭᠡᠪᠦᠷᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃       ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠱᠦᠨ ᠹᠧᠩ  ᠲᠦᠷᠭᠡᠨ ᠵᠥᠭᠡᠭᠡᠪᠦᠷᠢ ᠲᠠᠢ ᠪᠠᠷᠠᠭᠠᠨ ᠤ  ᠭᠦᠢᠯᠭᠡᠭᠡᠨ ᠤ  ᠦᠢᠯᠡᠰ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠤᠭᠰᠠᠨ ᠪᠥᠭᠡᠳ ᠠᠯᠢ ᠣᠯᠠᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠭᠰᠡᠨ ᠪᠠᠶᠢᠨ᠎ᠠ᠃ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠴᠢᠦ ᠶᠦᠩ ᠬᠤᠩ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠪᠥᠷ ᠮᠣᠩᠭᠤᠯ ᠤᠨ ᠱᠦᠨ ᠹᠧᠩ ᠲᠦᠷᠭᠡᠨ ᠵᠥᠭᠡᠭᠡᠪᠦᠷᠢ ᠲᠠᠢ ᠬᠠᠮᠲᠤᠷᠠᠯᠴᠠᠭᠠᠨ ᠤ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ︽ᠱᠦᠨ ᠹᠧᠩ +︾ ᠵᠠᠭᠪᠤᠷ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠪᠣᠷᠣᠯᠠᠭᠤᠯᠭ᠎ᠠ᠂ ᠵᠠᠬᠢᠶᠠᠯᠠᠭ᠎ᠠ᠂ ᠰᠠᠭᠤᠷᠢᠨ ᠭᠠᠵᠠᠷ᠂ ᠮᠥᠩᠭᠦᠨ ᠭᠦᠢᠯᠭᠡᠭᠡ᠂ ᠦᠢᠯᠡᠳᠪᠦᠷᠢᠯᠡᠯ᠂ ᠰᠢᠨᠵᠢᠯᠡᠬᠦ ᠤᠬᠠᠭᠠᠨ ᠮᠡᠷᠭᠡᠵᠢᠯ᠂ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠪᠦᠬᠦ ᠡᠯᠧᠮᠧᠨ᠋ᠲ᠂ ᠪᠦᠬᠦ ᠲᠠᠯ᠎ᠠ ᠶᠢᠨ᠂ ᠪᠦᠬᠦ ᠠᠵᠤ ᠦᠢᠯᠡᠰ ᠤᠨ  ᠬᠡᠯᠬᠢᠶ᠎ᠡ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠪᠠᠶᠠᠨᠨᠠᠭᠤᠷ ᠤᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠶᠢ ᠬᠦᠰᠡᠵᠦ ᠪᠠᠶᠢᠨ᠎ᠠ᠃       ᠲᠤᠰ ᠤᠳᠠᠭ᠎ᠠ ᠶᠢᠨ ᠶᠡᠭᠡ ᠬᠤᠷᠠᠯ ᠢ ᠥᠪᠥᠷ ᠮᠣᠩᠭᠤᠯ ᠤᠨ ᠱᠦᠨ ᠹᠧᠩ ᠲᠦᠷᠭᠡᠨ ᠵᠥᠭᠡᠭᠡᠪᠦᠷᠢ ᠶᠢᠨ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠬᠢᠯᠡᠵᠦ᠂  ᠬᠤᠳᠠ ᠶᠢᠨ ᠰᠢᠦᠳᠠᠨ ᠤ ᠶᠠᠪᠤᠳᠠᠯ ᠤᠨ ᠬᠠᠮᠢᠶᠠᠷᠤᠯᠲᠠ ᠶᠢᠨ  ᠲᠣᠪᠴᠢᠶ᠎ᠠ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠠᠴᠠ ᠬᠠᠮᠵᠢᠨ ᠡᠷᠬᠢᠯᠡᠵᠦ᠂ ᠬᠤᠷᠠᠯ ᠳᠤ ᠣᠷᠣᠯᠴᠠᠭᠰᠠᠳ ᠪᠠᠰᠠ  ᠹᠦ᠋ ᠴᠤᠸᠠᠨ᠂  ᠼᠣᠣ ᠶᠤᠸᠠᠨ ᠬᠤᠩ ᠪᠦᠦ᠂ ︽  ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠶᠡᠷᠦᠩᠬᠡᠢ ᠭᠠᠵᠠᠷ ᠤᠨ ᠰᠠᠭᠤᠷᠢᠨ ᠢᠶᠠᠷ ᠲᠣᠭᠤᠷᠢᠨ ᠦᠵᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ