ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠣᠬᠢᠴᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/7
      9 ᠰᠠᠷ᠎ᠠ ᠶᠢᠨ 2 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠣᠬᠢᠴᠠᠭᠤᠯᠬᠤ ᠶᠠᠷᠢᠯᠴᠠᠬᠤ ᠬᠤᠷᠠᠯ ᠯᠢᠨ ᠾᠧ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠭᠡᠰᠢᠭᠦᠨ ᠬᠤ᠋ ᠷᠦᠨ ᠵᠣᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠺᠠᠩ ᠨᠢᠩ᠂ ᠶᠢᠨ ᠵᠣᠣ ᠮᠢᠩ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠲᠠᠨᠢᠯᠴᠠᠭᠤᠯᠪᠠ︔ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠠᠴᠠ ᠤᠯᠤᠰ ᠤᠨ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠢᠨᠵᠧᠨᠧᠷᠢᠩ᠂ ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠭᠰᠡᠨ ᠪᠠ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠢᠨᠵᠧᠨᠧᠷᠢᠩ ᠢ ᠮᠠᠨ ᠤ ᠬᠤᠳᠠ ᠳᠤ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠲᠤᠰ ᠲᠤᠰ ᠲᠠᠨᠢᠯᠴᠠᠭᠤᠯᠤᠭᠰᠠᠨ ᠪᠥᠭᠡᠳ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠬᠠᠷᠢᠭᠤᠯᠲᠠ ᠥᠭᠪᠡ᠃ ᠬᠤᠷᠠᠯ ᠳᠤ ᠣᠷᠣᠯᠴᠠᠭᠰᠠᠳ ᠪᠠᠰᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠳᠤ ᠰᠠᠨᠠᠯ ᠰᠠᠨᠠᠭᠤᠯᠭ᠎ᠠ ᠳᠤᠷᠠᠳᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ