ᠳᠥᠷᠪᠡᠳᠦᠭᠡᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶ᠎ᠠ 163 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ ᠴᠠᠩ ᡁᠢ ᠭᠠᠩ ᠬᠤᠷᠠᠯ ᠢ ᠡᠷᠬᠢᠯᠡᠵᠤ ᠶᠠᠷᠢᠶ᠎ᠠ ᠲᠠᠯᠪ᠊
ᠨᠡᠶᠢᠲᠡᠯᠡᠭᠰᠡᠨ ᠴᠠᠭ᠄
2021/9/7
      9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 163 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠷᠪᠠᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ᠂ ᠬᠦᠨᠳᠦ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠴᠢᠬᠤᠯᠠ ᠵᠢᠷᠤᠮᠯᠠᠯ ᠬᠠᠩᠭᠠᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠤᠯᠴᠠᠨ ᠣᠶᠢᠯᠠᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠭᠤᠣᠯ ᠠᠭᠤᠯᠬᠤᠨ ᠢ ᠭᠦᠨᠵᠡᠭᠡᠢ ᠣᠶᠢᠯᠠᠭᠠᠵᠤ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠲᠣᠮᠣ ᠶᠠᠪᠤᠳᠠᠯ︾ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠠᠶᠠᠨᠨᠠᠭᠤᠷ ᠤᠨ ᠠᠷᠠᠳ ᠲᠦᠮᠡᠨ ᠤ ᠬᠠᠮᠲᠤᠪᠠᠷ ᠴᠢᠨᠡᠭᠡᠯᠢᠭᠵᠢᠬᠦ ᠳᠤ ᠬᠤᠯᠪᠣᠭᠳᠠᠬᠤ ᠴᠢᠬᠤᠯᠠ ᠶᠡᠭᠡ ᠳᠦᠷᠦ ᠶᠢᠨ ᠪᠤᠳᠤᠯᠭ᠎ᠠ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠳᠦᠷᠦᠯ ᠵᠦᠢᠯ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠳᠠᠰᠤᠷᠠᠯᠳᠠ ᠦᠬᠡᠢ ᠬᠥᠭᠵᠢᠭᠡᠵᠦ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠠᠶᠠᠨᠨᠠᠭᠤᠷ ᠤᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠵᠤ᠂ ᠬᠠᠮᠲᠤᠪᠠᠷ ᠪᠠᠶᠠᠵᠢᠨ ᠴᠢᠨᠡᠭᠡᠯᠢᠭᠵᠢᠬᠦ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠶᠠᠪᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠣᠯᠭᠤᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠬᠤᠳᠠ ᠬᠥᠳᠡᠭᠡ ᠶᠢᠨ ᠣᠷᠴᠢᠨ ᠲᠣᠭᠤᠷᠢᠨ ᠵᠡᠷᠭᠡ ᠬᠦᠷᠢᠶᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠬᠦᠷᠲᠡᠮᠵᠢ ᠶᠢᠨ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠬᠤᠯᠠ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠪᠣᠯᠤᠨ ᠬᠡᠰᠡᠭ ᠠᠵᠤ ᠠᠬᠤᠶᠢᠯᠠᠯ ᠤᠨ ᠥᠷᠢ ᠥᠭᠴᠡᠭᠡᠨ ᠤ ᠭᠡᠷ᠎ᠡ ᠠᠴᠠ ᠵᠥᠷᠢᠴᠡᠬᠦ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ  ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ ᠤᠨ ᠠᠮᠤᠷ ᠲᠦᠪᠰᠢᠨ ᠪᠠ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠦᠬᠦ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠴᠢᠯᠠᠭᠰᠠᠨ᠂ ᠥᠷᠭᠡᠨ ᠪᠦᠷᠬᠦᠴᠡ ᠲᠠᠢ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠤᠨ ᠰᠢᠰᠲ᠋ᠧᠮ ᠢ ᠪᠠᠶᠢᠭᠤᠯᠤᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ