ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠬᠡᠵᠦ ᠪᠠᠶᠢᠭ᠎ᠠ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 27 ᠤ ᠡᠳᠦᠷ ᠪᠡᠭᠡᠵᠢᠩ ᠤᠨ ᠦᠵᠡᠰᠭᠦᠯᠡᠩ ᠤᠨ | ᠣᠷᠳᠣᠨ ᠳᠤ ᠬᠦᠷᠴᠦ᠂ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠰᠬᠦᠯᠡᠩ ᠢ | ᠲᠣᠭᠤᠷᠢᠨ ᠦᠵᠡᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭ᠎ᠠ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ | ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠢᠷᠡᠭᠡᠳᠦᠢ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠤᠯᠤᠰ ᠲᠦᠷᠦ | ᠂ ᠠᠵᠤ ᠠᠬᠤᠢ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠰᠢᠯᠭᠠᠯᠲᠠ ᠶᠢ ᠳᠠᠭᠠᠭᠠᠨ | ᠲᠤᠭᠤᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ | ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ᠃ 10 ᠵᠢᠯ ᠤᠨ ᠲᠤᠷᠰᠢᠬᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ᠂ ᠬᠤᠪᠢᠰᠤᠯᠲᠠ ᠶᠢᠨ ᠴᠢᠨᠠᠷᠲᠠᠶ ᠦᠶ᠋ᠯᠡᠳᠦᠯᠭᠡ᠂ ᠰᠢᠪᠲᠤᠯᠤᠯᠲᠠ ᠶᠢᠨ ᠴᠢᠨᠠᠷᠲᠠᠶ ᠠᠬᠢᠴᠠ᠂ ᠪᠡᠯᠭᠡ ᠲᠡᠮᠳᠡᠭ ᠤᠨ | ᠴᠢᠨᠠᠷᠲᠠᠶ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ 10 ᠵᠢᠯ ᠤᠨ ᠲᠤᠷᠰᠢᠬᠢ ᠠᠭᠤᠤ ᠶᠡᠭᠡ ᠬᠤᠪᠢᠰᠤᠯᠲᠠ ᠶᠢᠨ ᠨᠠᠮ ᠤᠨ ᠲᠡᠦᠬᠡ᠂ ᠰᠢᠨ᠎ᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ | ᠬᠥᠭᠵᠢᠯᠲᠡ ᠶᠢᠨ ᠲᠡᠦᠬᠡᠨ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠢ ᠤᠬᠠᠭᠤᠯᠵᠤ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠡᠷᠡᠯᠬᠡᠭᠯᠡᠨ ᠴᠢᠷᠮᠠᠶᠢᠵᠤ᠂ ᠡᠷᠡᠮᠡᠬᠡᠶᠢᠯᠡᠨ | ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ | ᠪᠢᠴᠢᠭᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠤᠯᠬᠤ ᠶᠢ ᠵᠣᠷᠢᠭᠵᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠦᠵᠡᠰᠬᠦᠯᠡᠩ ᠢ ᠲᠣᠭᠤᠷᠢᠨ ᠦᠵᠡᠪᠡ᠃ | ᠦᠳᠡ ᠶᠢᠨ ᠬᠤᠶᠢᠨᠠᠬᠢ 3 ᠴᠠᠭ 45 ᠮᠢᠨᠦ᠋ᠲ ᠲᠤ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠡᠭᠡᠵᠢᠩ ᠤᠨ ᠦᠵᠡᠰᠭᠦᠯᠡᠩ ᠤᠨ ᠣᠷᠳᠣᠨ ᠳᠤ | ᠬᠦᠷᠴᠦ᠂ ᠦᠵᠡᠰᠬᠦᠯᠡᠩ ᠤᠨ ᠲᠢᠩᠬᠢᠮ ᠳᠤ ᠠᠯᠬᠤᠯᠠᠨ ᠣᠷᠣᠵᠤ ᠦᠵᠡᠰᠭᠦᠯᠡᠩ ᠢ ᠲᠣᠭᠤᠷᠢᠨ ᠦᠵᠡᠪᠡ᠃ ᠦᠵᠡᠰᠭᠦᠯᠡᠩ ᠨᠢ ︽ᠰᠢᠨ᠎ᠡ ᠴᠠᠭ ᠦᠶ᠎ᠡ ᠳᠤ | ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠢᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ | ᠦᠶ᠎ᠡ ᠶᠢᠨ 10 ᠵᠢᠯ ᠤᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ᠂ ᠠᠭᠤᠤ ᠶᠡᠭᠡ ᠬᠤᠪᠢᠰᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠳᠦᠷᠰᠦ ᠶᠢ ᠢᠯᠡᠷᠡᠭᠦᠯᠦᠭᠰᠡᠨ ᠪᠥᠭᠡᠳ ᠬᠤᠪᠢᠰᠤᠯᠲᠠ ᠶᠢᠨ ᠠᠷᠤ ᠳᠠᠬᠢ | ᠬᠦᠴᠦᠨ ᠴᠢᠳᠠᠯ ᠪᠣᠯᠤᠨ ᠬᠥᠳᠡᠯᠭᠡᠬᠦ ᠴᠢᠳᠠᠪᠤᠷᠢ ᠶᠢ ᠢᠯᠡᠷᠡᠭᠦᠯᠪᠡ︔ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠦᠷᠦ ᠶᠢᠨ | ᠵᠢᠯᠤᠭᠤᠳᠤᠯᠭ᠎ᠠ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠢᠯᠡᠷᠡᠭᠦᠯᠦᠭᠰᠡᠨ ᠮᠥᠷᠲᠡᠭᠡᠨ ᠪᠠᠰᠠ ᠥᠷᠭᠡᠨ ᠤᠯᠠᠨ ᠠᠷᠠᠳ ᠲᠦᠮᠡᠨ ᠤ ᠪᠦᠯᠬᠦᠮᠳᠡᠨ ᠨᠢᠭᠡᠳᠴᠦ ᠠᠵᠢᠯ | ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠳᠦᠷᠰᠦ ᠪᠠᠶᠢᠳᠠᠯ ᠢ ᠲᠤᠰᠬᠠᠪᠠ᠃ ᠦᠵᠡᠰᠭᠦᠯᠡᠩ ᠳᠤ ᠤᠷᠤᠰᠢᠯ ᠲᠢᠩᠬᠢᠮ᠂ ᠲᠥᠪ ᠤᠨ ᠶᠡᠷᠦᠩᠬᠡᠶᠢᠯᠡᠭᠰᠡᠨ | ᠦᠵᠡᠰᠬᠦᠯᠡᠩ ᠤᠨ ᠲᠣᠭᠤᠷᠢᠭ᠂ ᠣᠷᠣᠨ ᠨᠤᠲᠤᠭ ᠤᠨ ᠦᠵᠡᠰᠬᠦᠯᠡᠩ ᠤᠨ ᠲᠣᠭᠤᠷᠢᠭ᠂ ᠪᠠᠷᠠᠯᠠᠯ ᠦᠵᠡᠰᠬᠦᠯᠡᠩ ᠤᠨ ᠲᠣᠭᠤᠷᠢᠭ᠂ ᠦᠷᠤᠬᠡ ᠶᠢᠨ ᠭᠠᠳᠠᠨᠠᠬᠢ | ᠦᠵᠡᠰᠬᠦᠯᠡᠩ ᠤᠨ ᠲᠣᠭᠤᠷᠢᠭ ᠪᠣᠯᠤᠨ ᠬᠤᠷᠰᠢᠯ ᠦᠵᠡᠰᠬᠦᠯᠡᠩ ᠤᠨ ᠲᠣᠭᠤᠷᠢᠭ ᠵᠡᠷᠭᠡ 6 ᠦᠵᠡᠰᠬᠦᠯᠡᠩ ᠤᠨ ᠲᠣᠭᠤᠷᠢᠭ ᠲᠤᠬᠢᠷᠠᠭᠤᠯᠵᠤ᠂ ᠲᠠᠯᠠᠪᠠᠢ ᠨᠢ 3 | ᠲᠦᠮᠡᠨ ᠭᠠᠷᠤᠢ ᠲᠡᠭᠰᠢ ᠳᠥᠷᠪᠡᠯᠵᠢᠨ ᠮᠧᠲᠷ ᠢ ᠲᠠᠪᠠᠵᠦ᠂ ᠬᠡᠷᠡᠯ ᠵᠢᠷᠤᠬ᠂ ᠪᠣᠳᠠᠲᠤ ᠡᠳ᠋᠂ ᠵᠠᠭᠪᠤᠷ ᠵᠡᠷᠭᠡ 6000 ᠭᠠᠷᠤᠢ ᠵᠦᠢᠯ ᠤᠨ ᠦᠵᠡᠰᠬᠦᠯᠡᠩ ᠤᠨ | ᠡᠯᠧᠮᠧᠨ᠋ᠲ ᠢ ᠬᠡᠷᠡᠭᠯᠡᠵᠦ᠂ ᠬᠠᠷᠠᠭᠠᠰᠤ ᠨᠢ ᠦᠷᠬᠡᠨ᠂ ᠠᠭᠤᠯᠤᠭᠳᠠᠬᠤᠨ ᠨᠢ ᠪᠠᠶᠠᠯᠢᠬ ᠪᠠᠶᠢᠨ᠎ᠠ᠃ | ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠪᠠ ᠦᠢᠯᠡᠳᠬᠦ ᠴᠢᠳᠠᠪᠤᠷᠢ ᠶᠢᠨ ᠦᠰᠦᠷᠦᠯᠳᠡ ᠳᠡᠪᠰᠢᠯᠲᠡ ᠶᠢ | ᠬᠠᠷᠠᠭᠤᠯᠤᠬᠰᠠᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠵᠠᠩᠭᠢᠯᠠᠭ᠎ᠠ ᠶᠢᠨ ᠦᠶ᠋ᠯᠡᠳᠬᠦᠨ ᠤ ᠪᠣᠳᠠᠲᠤ ᠡᠳ᠋᠂ ᠵᠠᠭᠪᠤᠷ᠂ ᠭᠠᠪᠢᠶ᠎ᠠ ᠵᠢᠳᠬᠦᠯ ᠢᠷᠠᠭᠤ ᠠᠯᠳᠠᠷ ᠢ | ᠬᠥᠬᠢᠭᠦᠯᠦᠨ ᠰᠠᠶᠢᠰᠢᠶᠠᠬᠤ ᠰᠢᠰᠲ᠋ᠧᠮ ᠡᠳᠦᠷ ᠢᠷᠡᠬᠦᠶ᠎ᠡ ᠪᠠᠶᠠᠯᠢᠭᠵᠢᠨ ᠪᠦᠷᠢᠨᠰᠢᠭᠰᠡᠨ ᠢ ᠬᠠᠷᠠᠭᠤᠯᠤᠬᠰᠠᠨ ᠭᠠᠪᠢᠶᠠᠨ ᠲᠡᠮᠳᠡᠭ᠂ ᠮᠧᠳᠠᠯ᠂ ᠤᠯᠤᠰ ᠤᠨ ᠲᠠᠰ ᠤᠨ | ᠴᠢᠬᠤᠯᠠ ᠶᠡᠭᠡ ᠬᠡᠪᠯᠡᠯ ᠤᠨ ᠲᠥᠷᠥᠯ ᠵᠦᠶ᠋ᠯ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ | ᠪᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠦᠬᠡᠨ ᠠᠬᠢᠴᠠ ᠶᠢ ᠲᠠᠬᠢᠨᠳᠠ ᠢᠯᠡᠷᠡᠬᠦᠯᠦᠭᠰᠡᠨ ᠪᠣᠳᠠᠲᠤ ᠡᠳ᠋᠂ ᠵᠢᠷᠤᠭᠲᠤ | ᠬᠦᠰᠦᠨᠦᠭ᠂ ᠵᠢᠷᠤᠭ ᠰᠡᠬᠦᠳᠡᠷ᠂ ︽ᠲᠠᠪᠤᠨ ᠰᠠᠭᠤᠷᠢ︾ ᠤᠬᠳᠠᠷᠭᠤᠢ ᠪᠠ ᠭᠠᠵᠠᠷ ᠢ ᠬᠠᠮᠵᠢᠯᠴᠠᠭᠤᠯᠤᠨ ᠨᠢᠭᠡ ᠴᠣᠭᠴᠠᠵᠢᠭᠤᠯᠤᠭᠰᠠᠨ ᠠᠮᠢ ᠠᠬᠤᠶ ᠣᠷᠴᠢᠨ | ᠲᠣᠭᠤᠷᠢᠨ ᠤ ᠪᠣᠰᠤᠭ᠎ᠠ ᠴᠣᠭᠴᠠᠲᠤ ᠠᠯᠤᠰ ᠰᠡᠷᠡᠯ ᠤᠨ ᠬᠢᠨᠠᠨ ᠬᠡᠮᠵᠢᠬᠦ ᠰᠢᠰᠲ᠋ᠧᠮ ᠤᠨ ᠳᠠᠭᠤᠷᠢᠶᠠᠮᠠᠯ ᠡᠯᠡᠰᠦᠨ ᠴᠠᠷ᠎ᠠ᠂ ᠵᠡᠪᠰᠡᠭ ᠲᠣᠨᠣᠭᠯᠠᠯ ᠤᠨ ᠵᠠᠭᠪᠤᠷ᠂ | ᠶᠠᠷᠤᠩᠬᠡᠶᠢᠯᠡᠭᠰᠡᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠭᠦᠨᠵᠡᠭᠡᠶ ᠠᠭᠤᠯᠤᠭᠳᠠᠬᠤᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠬᠦᠯᠦᠭᠰᠡᠨ ᠦᠵᠡᠬᠦᠯᠬᠡ ᠶᠢᠨ ᠰᠠᠮᠪᠠᠷ᠎ᠠ᠂ ᠪᠣᠳᠠᠲᠤ ᠡᠳ᠋᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ | ᠬᠥᠭᠵᠢᠭᠰᠡᠨ ᠠᠮᠵᠢᠯᠲᠠ ᠪᠦᠲᠦᠮᠵᠢ ᠶᠢ ᠬᠠᠷᠠᠭᠤᠯᠤᠭᠰᠠᠨ ᠪᠣᠰᠤᠭ᠎ᠠ ᠴᠣᠭᠴᠠᠲᠤ ᠡᠯᠧᠺᠳ᠋ᠷᠣᠨ ᠭᠠᠵᠠᠷ ᠤᠨ ᠵᠢᠷᠤᠭ᠂ ᠲᠥᠯᠥᠪᠵᠢᠭᠦᠯᠬᠡ ᠪᠦᠲᠦᠭᠡᠨ ᠪᠠᠶᠢᠭᠤᠯᠤᠯᠳᠠ᠂ | ᠵᠢᠮᠳᠤ ᠵᠠᠮ ᠬᠠᠷᠢᠯᠴᠠᠭ᠎ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠬᠢ ᠬᠢᠯᠠᠰ ᠴᠡᠭ ᠦᠷ᠎ᠡ ᠪᠦᠲᠦᠭᠡᠯ ᠢ | ᠬᠠᠷᠠᠭᠤᠯᠤᠬᠰᠠᠨ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠡᠯᠡᠰᠦᠨ ᠴᠠᠷ᠎ᠠ ᠁ ᠪᠣᠳᠠᠲᠤ ᠡᠳ᠋ ᠤᠨ ᠵᠠᠭᠪᠤᠷ ᠤᠳ᠂ ᠠᠮᠢᠳᠤᠯᠢᠭ | ᠸᠢᠳᠢᠣ᠋ ᠨᠤᠭᠤᠳ᠂ ᠵᠢᠷᠤᠭ ᠰᠡᠬᠦᠳᠡᠷ ᠵᠢᠷᠤᠬᠳᠤ ᠬᠦᠰᠦᠨᠦᠭ ᠨᠦᠭᠦᠳ ᠨᠢ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠨ ᠠᠩᠬᠠᠷᠤᠯ ᠢ ᠲᠠᠲᠠᠪᠠ᠃ ᠲᠡᠳᠡ | ᠪᠠᠶᠢᠨ ᠪᠠᠶᠢᠨ ᠵᠣᠭᠬᠢᠨ ᠵᠤᠬᠰᠤᠵᠦ ᠲᠣᠭᠤᠷᠢᠨ ᠦᠵᠡᠵᠦ᠂ ᠲᠠᠶᠢᠯᠪᠤᠷᠢᠯᠠᠬᠤ ᠶᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠦ ᠪᠠᠶᠢᠯ᠎ᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠵᠡᠷᠬᠡ ᠬᠦᠮᠦᠰ ᠦᠵᠡᠰᠭᠦᠯᠡᠩ ᠢ | ᠲᠣᠭᠤᠷᠢᠨ ᠦᠵᠡᠪᠡ᠃ | | | |