ᠳ᠋ᠧᠩᠺᠸᠤ ᠰᠢᠶᠠᠨ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/18
      ᠳ᠋ᠧᠩᠺᠸᠤ ᠰᠢᠶᠠᠨ ᠤ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠲᠥᠯᠥᠭᠡ᠂ 9 ᠰᠠᠷ᠎ᠠ ᠶᠢᠨ 15 ᠤ ᠡᠳᠦᠷ᠂ ᠳ᠋ᠧᠩᠺᠸᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠲᠥᠪ ᠠᠴᠠ ᠬᠢᠨᠠᠨ ᠬᠠᠮᠢᠶᠠᠷᠬᠤ ᠨᠢᠭᠡᠴᠡ᠂ ᠪᠠᠷᠢᠯᠭ᠎ᠠ ᠶᠢᠨ ᠨᠢᠭᠡᠴᠡ᠂ ᠵᠢᠷᠤᠵᠤ ᠲᠥᠯᠥᠪᠯᠡᠬᠦ ᠨᠢᠭᠡᠴᠡ᠂ ᠮᠥᠷᠳᠡᠨ ᠬᠢᠨᠠᠨ ᠪᠤᠳᠤᠬᠤ ᠨᠢᠭᠡᠴᠡ᠂ ᠲᠥᠷᠥᠯ  ᠵᠦᠢᠯ ᠤᠨ ᠪᠠᠶᠢᠭ᠎ᠠ ᠱᠠᠵᠢᠨᠲᠣᠬᠤᠢ ᠰᠤᠮᠤ ᠶᠢ ᠵᠣᠬᠢᠶᠠᠨ ᠪᠠᠶᠢᠭᠤᠯᠵᠤ ᠳ᠋ᠧᠩᠺᠸᠤ ᠰᠢᠶᠠᠨ ᠤ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠠᠵᠢᠯ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃       ᠬᠤᠷᠠᠯ ᠳᠡᠭᠡᠷ᠎ᠡ᠂ ᠳ᠋ᠧᠩᠺᠸᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠹᠠᠨ ᠵᠢᠶᠦ᠋ᠨ ᠯᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ  ᠵᠦᠢᠯᠡᠰ ᠤᠨ ᠲᠦᠢᠮᠣ ᠪᠠᠶᠢᠳᠠᠯ ᠢ ᠲᠠᠨᠢᠯᠴᠠᠭᠤᠯᠵᠤ᠂ ᠲᠠᠷᠢᠶᠠᠯᠠᠩ ᠤᠨ ᠬᠠᠮᠠᠭᠠᠯᠠᠯᠲᠠ ᠶᠢᠨ ᠲᠥᠪ ᠤᠨ ᠢᠨᠵᠧᠨᠧᠷ ᠯᠢ ᠬᠤᠶ ᠹᠧᠩ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ ᠠᠵᠢᠯ ᠤᠨ ᠭᠤᠷᠪᠠᠳᠤᠭᠠᠷ ᠬᠡᠰᠡᠭ ᠪᠠ ᠳᠣᠯᠣᠳᠤᠭᠠᠷ ᠬᠡᠰᠡᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠲᠣᠳᠣᠷᠬᠠᠶ ᠰᠠᠨᠠᠯ ᠪᠠ ᠪᠣᠳᠠᠲᠠᠶ ᠱᠠᠭᠠᠷᠳᠠᠯᠭ᠎ᠠ ᠳᠤᠷᠠᠳᠪᠠ︔ ᠢᠨᠵᠧᠨᠧᠷ ᠸᠠᠩ ᠸᠧᠢ ︽ᠪᠠᠶᠠᠨᠨᠠᠭᠤᠷ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠷᠭ᠎ᠠ︾ ᠶᠢ ᠤᠩᠰᠢᠨ ᠨᠡᠶᠢᠲᠡᠯᠡᠪᠡ᠃ ᠲᠥᠷᠥᠯ ᠵᠦᠶ᠋ᠯ ᠤᠨ ᠵᠢᠷᠤᠭ ᠲᠥᠯᠥᠪᠯᠡᠭᠡ ᠶᠢᠨ ᠨᠢᠭᠡᠴᠡ᠂ ᠪᠠᠷᠢᠯᠭ᠎ᠠ ᠶᠢᠨ ᠨᠢᠭᠡᠴᠡ᠂ ᠬᠢᠨᠠᠨ ᠬᠠᠮᠢᠶᠠᠷᠬᠤ ᠨᠢᠭᠡᠴᠡ᠂ ᠮᠥᠷᠳᠡᠨ ᠬᠢᠨᠠᠨ ᠪᠤᠳᠤᠬᠤ ᠨᠢᠭᠡᠴᠡ᠂ ᠲᠥᠷᠥᠯ ᠵᠦᠶ᠋ᠯ ᠤᠨ ᠪᠠᠶᠢᠭ᠎ᠠ ᠭᠠᠵᠠᠷ ᠱᠠᠵᠢᠨᠲᠣᠬᠤᠢ ᠰᠤᠮᠤ ᠶᠢᠨ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠰᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠰᠢᠶᠧ ᠵᠧᠩ ᠳ᠋ᠧ ᠪᠣᠳᠠᠲᠠᠶ ᠠᠵᠢᠯ ᠤᠨ ᠲᠣᠬᠢᠷᠠᠭᠤᠯᠤᠯᠲᠠ ᠬᠢᠪᠠ᠃ ᠬᠤᠷᠠᠯ ᠳᠡᠭᠡᠷ᠎ᠡ ᠪᠠᠰᠠ ᠡᠯ᠎ᠡ ᠳᠠᠭᠠᠭᠠᠴᠢᠯᠠᠯᠲᠠ ᠣᠯᠤᠭᠰᠠᠨ ᠨᠢᠭᠡᠴᠢ ᠲᠠᠢ ᠪᠠᠷᠢᠯᠭ᠎ᠠ ᠶᠢᠨ ᠠᠵᠢᠯ ᠤᠨ ᠭᠡᠷ᠎ᠡ ᠲᠣᠭᠲᠠᠭᠠᠵᠠᠶ᠃       ᠳ᠋ᠧᠩᠺᠸᠤ ᠰᠢᠶᠠᠨ ᠤ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠡᠭᠦᠷᠭᠡ ᠶᠢᠨ ᠲᠠᠯᠠᠪᠠᠢ 13.2 ᠲᠦᠮᠡᠨ ᠮᠦ ᠳᠤ ᠬᠦᠷᠴᠡᠢ᠃ ᠱᠠᠵᠢᠨᠲᠣᠬᠤᠢ ᠰᠤᠮᠤ ᠶᠢᠨ ᠳᠥᠷᠪᠡᠨ ᠭᠠᠴᠠᠭ᠎ᠠ ᠳᠤ ᠲᠠᠷᠬᠠᠵᠤ᠂ ᠡᠭᠦᠨ ᠳᠤ ᠪᠠᠶᠠᠨ᠋ᠥ᠌ᠨᠳᠥᠷ ᠭᠠᠴᠠᠭ᠎ᠠ 2.7 ᠲᠦᠮᠡᠨ ᠮᠥ ᠪᠠᠶᠢᠵᠤ᠂ 5668 ᠲᠦᠮᠡᠨ ᠲᠥᠭᠦᠷᠢᠭ ᠤᠨ ᠪᠠᠯᠠ ᠣᠷᠣᠭᠤᠯᠪᠠ︔ ᠪᠠᠶᠠᠨᠪᠤᠯᠠᠭ ᠭᠠᠴᠠᠭ᠎ᠠ ᠳᠤ 7.8 ᠲᠦᠮᠡᠨ ᠮᠥ ᠪᠠᠶᠢᠵᠤ᠂ 14040 ᠲᠦᠮᠡᠨ ᠲᠥᠭᠦᠷᠢᠭ ᠤᠨ ᠪᠠᠯᠠ ᠣᠷᠣᠭᠤᠯᠪᠠ︔ ᠥᠨᠳᠥᠷᠮᠣᠳᠣ ᠭᠠᠴᠠᠭ᠎ᠠ᠂ ᠵᠣᠤ ᠲᠠᠨ ᠭᠠᠴᠠᠭ᠎ᠠ 2.7 ᠲᠦᠮᠡᠨ ᠮᠥ ᠪᠠᠶᠢᠵᠤ᠂ 4052 ᠲᠦᠮᠡᠨ ᠲᠥᠭᠦᠷᠢᠭ ᠤᠨ ᠪᠠᠯᠠ ᠣᠷᠣᠭᠤᠯᠪᠠ᠃ ᠲᠠᠷᠢᠶᠠᠨ ᠳᠣᠲᠣᠷᠠᠬᠢ ᠬᠥᠷᠥᠰᠥ ᠰᠢᠷᠣᠶ ᠶᠢ ᠴᠡᠪᠡᠷᠯᠡᠨ᠂ ᠭᠠᠵᠠᠷ ᠰᠢᠷᠣᠶ ᠶᠢ ᠲᠡᠭᠰᠢᠯᠡᠵᠦ᠂ ︽ᠲᠠᠷᠢᠶ᠎ᠠ᠂ ᠤᠰᠤ᠂ ᠵᠠᠮ᠂ ᠤᠢ᠂ ᠴᠠᠬᠢᠯᠭᠠᠨ︾ ᠲᠠᠪᠤ ᠶᠢ ᠢᠵᠢ ᠪᠦᠷᠢᠳᠦᠭᠦᠯᠬᠦ ᠶᠢ ᠪᠡᠶᠡᠯᠡᠭᠦᠯᠦᠨ᠎ᠡ᠃ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠪᠥᠬᠦ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠦᠨ᠎ᠡ᠃ ᠬᠤᠷᠠᠯ ᠠᠴᠠ ᠱᠠᠭᠠᠷᠳᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠨᠢ ᠤᠯᠠᠷᠢᠯ ᠤᠨ ᠴᠢᠨᠠᠷ ᠢᠶᠠᠷ ᠴᠢᠩᠭ᠎ᠠ᠂ ᠴᠠᠭ ᠪᠠᠴᠢᠮ᠂ ᠡᠭᠦᠷᠭᠡ ᠬᠦᠨᠳᠦ ᠶᠤᠮ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ︔ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠯ᠎ᠡ ᠪᠠᠷᠢᠯᠭ᠎ᠠ ᠶᠢᠨ ᠨᠢᠭᠡᠴᠡ ᠲᠠᠯᠠᠪᠠᠢ ᠳᠤ ᠤᠷᠤᠭᠰᠠᠨ ᠤ ᠳᠠᠷᠠᠭ᠎ᠠ ᠪᠠᠷᠢᠯᠭ᠎ᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠬᠤᠯᠪᠣᠭᠳᠠᠯ ᠪᠦᠬᠦᠢ ᠬᠥᠮᠦᠨ ᠤ ᠬᠦᠴᠦᠨ᠂ ᠪᠣᠳᠠᠰ ᠤᠨ ᠬᠦᠴᠦᠨ ᠢ ᠢᠳᠡᠪᠬᠢᠲᠡᠢ ᠵᠣᠬᠢᠴᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠪᠠᠷᠢᠯᠭ᠎ᠠ ᠪᠠᠷᠢᠬᠤ ᠶᠠᠪᠤᠴᠠ ᠳᠤ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ ᠣᠭᠲᠣᠯᠵᠤ ᠳᠤᠷ᠎ᠠ ᠪᠠᠷ ᠢᠶᠠᠨ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠵᠤ᠂ ᠬᠠᠤᠯᠢ ᠲᠣᠭᠲᠠᠭᠠᠯ ᠶᠣᠰᠣᠭᠠᠷ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠥᠷᠨᠢᠭᠦᠯᠬᠦ ᠬᠡᠷᠡᠭᠲᠡᠶ᠂ ᠴᠢᠩᠭ᠎ᠠ ᠬᠠᠮᠢᠶᠠᠷᠴᠤ᠂ ᠪᠠᠷᠢᠯᠭ᠎ᠠ ᠶᠢᠨ ᠠᠵᠢᠯ ᠢ ᠰᠢᠯᠵᠢᠭᠦᠯᠦᠨ ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ᠂ ᠬᠢᠷᠢ ᠬᠡᠮ ᠢ ᠲᠦᠰᠢᠭᠯᠡᠬᠦ ᠵᠡᠷᠭᠡ ᠦᠶ᠋ᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ︔ ᠲᠠᠷᠢᠶᠠᠯᠠᠭ᠎ᠠ ᠶᠢᠨ ᠬᠠᠮᠠᠭᠠᠯᠠᠯᠲᠠ ᠶᠢᠨ ᠲᠥᠪ ᠪᠣᠯᠤᠨ ᠬᠢᠨᠠᠨ ᠬᠠᠮᠢᠶᠠᠷᠬᠤ ᠨᠢᠭᠡᠴᠡ ᠠᠴᠠ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠢ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠠᠵᠢᠯ᠂ ᠠᠵᠢᠯ ᠤᠨ ᠲᠡᠰ ᠳᠠᠷᠠᠭᠠᠯᠠᠯ ᠵᠡᠷᠭᠡ ᠡᠯ᠎ᠡ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠪᠠ ᠪᠦᠬᠦ ᠶᠠᠪᠤᠴᠠ ᠶᠢ ᠡᠵᠡᠮᠳᠡᠬᠦ ᠶᠢ ᠪᠡᠶᠡᠯᠡᠭᠦᠯᠵᠦ᠂ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠮᠲᠤᠪᠠᠷ ︽ᠪᠠᠷᠢᠯᠭ᠎ᠠ ᠶᠢᠨ ᠶᠠᠰᠤ ᠴᠢᠨᠠᠷ ᠰᠠᠶᠢᠨ᠂ ᠳᠡᠭᠡᠳᠦ ᠱᠠᠲᠤᠨ ᠤ ᠦᠨᠡᠯᠡᠯᠲᠡ ᠰᠠᠶᠢᠨ᠂ ᠲᠦᠷᠦᠯ ᠵᠦᠢᠯ ᠤᠨ ᠲᠣᠭᠤᠷᠢᠭ ᠤᠨ ᠠᠷᠠᠳ ᠤᠯᠠᠨ ᠳᠤ ᠮᠠᠭᠲᠠᠭᠳᠠᠭᠰᠠᠨ︾ ᠰᠠᠶᠢᠨ ᠰᠡᠳᠬᠢᠯ ᠤᠨ ᠢᠨᠵᠧᠨᠧᠷᠢᠩ᠂ ᠥᠨᠳᠥᠷ ᠦᠷ᠎ᠡ ᠠᠰᠢᠭᠲᠤ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ᠂ ᠤᠬᠢ ᠰᠢᠯᠢᠳᠡᠭ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠤᠨ᠎ᠠ᠃       
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ