ᠳ᠋ᠧᠩᠺᠸᠦ ᠶᠢᠨ ᠴᠠᠭᠳᠠᠭ᠎ᠠ ᠠᠷᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠰᠤᠨ ᠳᠤ ᠤᠨᠠᠭᠰᠠᠨ ᠣᠯᠠᠨ ᠲᠦᠮᠡᠨ ᠢ ᠡᠷᠡᠯᠬᠡᠭ ᠢᠶᠠᠷ ᠠᠪᠤᠷᠠᠪᠠ
ᠨᠡᠶᠢᠲᠡᠯᠡᠭᠰᠡᠨ ᠴᠠᠭ᠄
2022/11/18
      ︽ᠲᠠ ᠨᠠᠷ ᠲᠤ ᠪᠠᠶᠠᠷᠯᠠᠯ᠎ᠠ︕ ᠮᠠᠨ ᠤ ᠭᠡᠷ ᠪᠦᠯᠢ ᠶᠢ ᠠᠪᠤᠷᠠᠭᠰᠠᠨ ᠳᠤ ᠴᠢᠨᠢ ᠪᠠᠶᠠᠷᠯᠠᠯ᠎ᠠ︕︾ ᠭᠡᠵᠦ 9 ᠰᠠᠷ᠎ᠠ ᠶᠢᠨ 9 ᠤ ᠤᠷᠤᠢ ᠶᠢᠨ 9 ᠴᠠᠭ ᠤᠨ ᠦᠶ᠎ᠡ ᠪᠠᠷ᠂ ᠨᠠᠷᠠᠨ ᠨᠠᠭᠤᠷ ᠤᠨ ᠲᠠᠲᠠᠮᠠᠯ ᠰᠤᠪᠠᠭ ᠤᠨ ᠠᠮᠠᠰᠠᠷ ᠲᠤ ᠨᠢᠭᠡᠨ ᠡᠮᠡᠭᠲᠡᠢ ᠬᠡᠦᠬᠡᠳ ᠢᠶᠠᠨ ᠲᠡᠪᠡᠷᠢᠨ ᠵᠣᠭᠰᠣᠯ ᠦᠭᠡᠢ ᠮᠡᠬᠦ᠋ᠢᠨ ᠶᠣᠰᠣᠯᠠᠵᠤ᠂ ᠲᠠᠯᠠᠷᠬᠠᠯ ᠤᠨ ᠦᠭᠡ ᠶᠠᠷᠢᠵᠤ᠂ ᠬᠠᠵᠠᠭᠤ ᠳᠤᠨᠢ ᠪᠦᠬᠦ ᠪᠡᠶ᠎ᠡ ᠨᠢ ᠨᠣᠷᠣᠭᠰᠠᠨ ᠬᠤᠶᠠᠷ ᠡᠷᠡᠭᠲᠡᠢ ᠵᠣᠭᠰᠣᠨ᠂ ᠭᠠᠷ ᠢᠶᠠᠨ ᠲᠡᠪᠡᠷᠢᠨ ᠴᠡᠴᠡᠷᠡᠵᠦ ᠪᠠᠶᠢᠯ᠎ᠠ᠃       ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠦᠨᠳᠦᠰᠦᠯᠡᠨ᠂ 9 ᠰᠠᠷ᠎ᠠ ᠶᠢᠨ 9 ᠤ ᠡᠳᠦᠷ ᠤᠨ 19 ᠴᠠᠭ 40 ᠮᠢᠨᠦ᠋ᠲ ᠲᠤ᠂ ᠳ᠋ᠧᠩᠺᠸᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠶᠢᠨ ᠭᠤᠷᠪᠠᠳᠤᠭᠠᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃ ᠠᠮᠢ ᠠᠬᠤᠶ ᠶᠢᠨ ᠣᠷᠴᠢᠨ ᠨᠥᠬᠦᠴᠡᠯ ᠢᠳᠡᠭᠡᠨ ᠤ ᠵᠦᠶ᠋ᠯ ᠡᠮ ᠤᠨ  ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠲᠣᠪᠴᠢᠶ᠎ᠠ ᠶᠢᠨ ᠤᠳᠤᠷᠢᠳᠤᠯᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠷᠢᠶᠠᠲᠤ ᠣᠷᠣᠨ ᠤ ᠭᠤᠤᠯᠳᠠᠯᠭ᠎ᠠ ᠲᠠᠢ ᠤᠰᠤᠨ ᠣᠷᠣᠨ ᠪᠠ ᠬᠠᠭᠤᠷᠠᠶ ᠵᠠᠮ ᠤᠨ ᠨᠡᠪᠲᠡᠷᠡᠬᠦ ᠵᠠᠮ ᠢ ᠬᠤᠯᠪᠣᠭᠰᠠᠨ ᠰᠡᠵᠢᠭᠯᠡᠯᠲᠡᠶ ᠬᠥᠮᠦᠰ᠂ ᠲᠡᠷᠭᠡ ᠬᠥᠰᠬᠡ᠂ ᠣᠩᠭᠤᠴᠠ ᠰᠠᠯ ᠢ ᠳᠠᠷᠠᠭᠠᠯᠠᠨ ᠪᠠᠶᠢᠴᠠᠭᠠᠵᠤ᠂ ᠨᠠᠷᠠᠨ ᠨᠠᠭᠤᠷ ᠤᠨ ᠲᠠᠲᠠᠮᠠᠯ ᠰᠤᠪᠠᠭ ᠤᠨ ᠠᠮᠠᠰᠠᠷ ᠭᠦᠷᠭᠦ ᠦᠶ᠎ᠡ ᠳᠤ ᠭᠡᠨᠡᠳᠲᠡ ᠨᠢᠭᠡ ᠡᠷᠡᠭᠲᠡᠶ ᠴᠠᠭᠳᠠᠭᠠᠨ ᠤ ᠲᠡᠷᠭᠡᠨ ᠤ ᠡᠮᠦᠨ᠎ᠡ ᠭᠦᠶᠦᠨ ᠬᠦᠷᠴᠦ᠂ ︽ᠴᠠᠭᠳᠠᠭ᠎ᠠ ᠨᠥᠬᠦᠷ ᠡ︕ ᠬᠤᠶᠠᠷ ᠬᠥᠮᠦᠨ ᠤᠰᠤᠨ ᠳᠤ ᠤᠨᠠᠵᠠᠶ︕ ᠬᠤᠷᠳᠤᠨ ᠢᠷᠡᠵᠦ ᠬᠥᠮᠦᠨ ᠠᠪᠤᠷᠠᠭᠠᠴᠢ︕︾ ᠭᠡᠵᠡᠶ᠃ ᠠᠪᠤᠷᠠᠯ ᠭᠤᠶᠤᠭᠰᠠᠨ ᠤ ᠳᠠᠷᠠᠭ᠎ᠠ ᠴᠠᠭᠳᠠᠭ᠎ᠠ ᠨᠠᠷ ᠮᠠᠰᠢ ᠰᠠᠨᠳᠤᠷᠴᠤ᠂ ᠶᠡᠭᠡ ᠠᠩᠬᠢ ᠶᠢᠨ ᠳᠠᠷᠤᠭ᠎ᠠ ᠰᠦᠨ ᠴᠢᠶᠠᠩ ᠪᠣᠯᠤᠨ ᠵᠢᠭᠠᠨ ᠵᠢᠯᠤᠭᠤᠳᠤᠬᠴᠢ ᠮᠠ ᠰᠢᠤᠸᠠᠢ ᠰᠢᠶᠠᠨ ᠲᠦᠷᠭᠡᠨ ᠲᠡᠷᠭᠡᠨ ᠠᠴᠠ ᠪᠠᠭᠤᠵᠤ ᠭᠦᠶᠦᠨ ᠣᠴᠢᠬᠤ ᠳᠤ᠂ ᠬᠤᠶᠠᠷ ᠡᠷᠡᠭᠲᠡᠢ ᠤᠰᠤᠨ ᠳᠤ ᠲᠡᠯᠴᠢᠯᠡᠵᠦ ᠪᠠᠶᠢᠬᠤ ᠶᠢ ᠣᠯᠵᠤ ᠬᠠᠷᠠᠪᠠ᠂ ᠤᠰᠤᠨ ᠳᠤ ᠪᠠᠭᠤᠬᠤ ᠭᠠᠵᠠᠷ ᠨᠢ ᠤᠰᠤ ᠲᠠᠲᠠᠬᠤ ᠰᠤᠪᠠᠭ ᠤᠨ ᠠᠮᠠᠰᠠᠷ ᠲᠤ ᠪᠠᠶᠢᠵᠤ᠂ ᠤᠰᠤᠨ ᠤᠷᠤᠰᠬᠠᠯ ᠲᠦᠷᠭᠡᠨ᠂ ᠤᠰᠤᠨ ᠲᠦᠪᠰᠢᠨ ᠨᠢ ᠨᠢᠭᠡᠨᠲᠡ ᠬᠤᠶᠠᠷ ᠬᠥᠮᠦᠨ ᠤ ᠮᠠᠩᠨᠠᠢ ᠳᠤ ᠬᠦᠷᠴᠦ᠂ ᠤᠰᠤᠨ ᠰᠤᠪᠠᠭ ᠨᠢ ᠱᠦᠢᠨᠢ ᠶᠢᠨ ᠳᠣᠲᠣᠷ ᠴᠣᠭᠴᠠᠯᠠᠭᠰᠠᠨ ᠰᠤᠪᠠᠭ ᠪᠠᠶᠢᠵᠤ᠂ ᠬᠤᠶᠠᠷ ᠲᠠᠯ᠎ᠠ ᠶᠢᠨ ᠨᠠᠯᠠᠤ ᠶᠢᠨ ᠬᠡᠮᠵᠢᠶ᠎ᠡ ᠨᠢ ᠡᠭᠴᠡ ᠮᠥᠷᠲᠡᠭᠡᠨ ᠨᠦᠢᠲᠠᠨ᠂ ᠤᠰᠦᠠ ᠳᠤ ᠤᠨᠠᠭᠰᠠᠳ ᠤᠨ ᠥᠪᠡᠷ ᠤᠨ ᠪᠡᠶ᠎ᠡ ᠪᠠᠷ ᠢᠶᠠᠨ ᠠᠶᠤᠯ ᠲᠦᠭᠰᠢᠭᠦᠷᠢ ᠠᠴᠠ ᠮᠤᠯᠲᠤᠷᠠᠬᠤ ᠶᠢᠨ ᠠᠷᠭ᠎ᠠ ᠦᠭᠡᠢ ᠪᠠᠶᠢᠬᠤ ᠶᠢ ᠣᠯᠵᠤ ᠬᠠᠷᠠᠵᠠᠢ᠃ ᠰᠦᠨ ᠴᠢᠶᠠᠩ ᠶᠡᠭᠡ ᠠᠩᠭᠢ ᠶᠢᠨ ᠳᠠᠷᠤᠭ᠎ᠠ ᠲᠡᠷᠡ ᠳᠠᠷᠤᠶ ᠳᠤᠨᠢ ᠠᠷᠠᠳ ᠤᠨ ᠴᠠᠭᠳᠠᠭ᠎ᠠ ᠶᠢ ᠲᠡᠷᠭᠡᠨ ᠳᠡᠭᠡᠷ᠎ᠡ ᠠᠴᠠ ᠠᠪᠤᠷᠠᠨ ᠲᠤᠰᠠᠯᠠᠬᠤ ᠪᠠᠭᠠᠵᠢ ᠡᠷᠢᠬᠦ ᠶᠢ ᠲᠣᠬᠢᠷᠠᠭᠤᠯᠵᠤ᠂ ᠭᠠᠭᠴᠠᠭᠠᠷ ᠢᠶᠠᠨ ᠬᠠᠰᠢᠯᠭ᠎ᠠ ᠠᠴᠠ ᠪᠠᠭᠤᠵᠤ ᠳᠠᠯᠠᠢ ᠶᠢᠨ ᠬᠥᠪᠡᠭᠡ ᠶᠢ ᠲᠠᠭᠠᠨ ᠤᠰᠤᠨ ᠤ ᠬᠥᠪᠡᠭᠡᠨ ᠳᠤ ᠰᠢᠯᠵᠢᠭᠡᠳ ᠠᠷᠠᠳ ᠤᠨ ᠴᠠᠭᠳᠠᠭ᠎ᠠ ᠲᠡᠷᠭᠡᠨ ᠳᠡᠭᠡᠷ᠎ᠡ ᠠᠴᠠ ᠲᠡᠮᠦᠷ ᠬᠦᠷᠵᠡ ᠣᠯᠵᠤ᠂ ᠲᠡᠳᠡᠨᠡᠷ ᠭᠠᠷ ᠭᠠᠷ ᠢᠶᠠᠨ ᠬᠤᠯᠪᠣᠯᠴᠠᠨ ᠠᠪᠤᠷᠠᠨ ᠲᠤᠰᠠᠯᠠᠬᠤ ᠬᠥᠮᠦᠨ ᠤ ᠬᠡᠯᠬᠢᠶ᠎ᠡ ᠶᠢ ᠪᠦᠷᠢᠯᠳᠦᠭᠦᠯᠵᠦ᠂ ᠤᠰᠤᠨ ᠳᠤ ᠤᠨᠠᠭᠰᠠᠨ ᠨᠢᠭᠡ ᠡᠷᠡᠭᠲᠡᠶ ᠬᠦᠷᠵᠡ ᠶᠢ ᠠᠳᠬᠤᠨ ᠲᠡᠭᠦᠨ ᠢ ᠳᠠᠯᠠᠶ ᠶᠢᠨ ᠬᠥᠪᠡᠭᠡᠨ ᠳᠤ ᠲᠠᠲᠠᠵᠤ ᠠᠪᠴᠢᠷᠠᠪᠠ᠂ ᠡᠨᠡ ᠦᠶ᠎ᠡ ᠳᠤ ᠠᠷᠠᠳ ᠤᠨ ᠴᠠᠭᠳᠠᠭ᠎ᠠ ᠨᠠᠷᠢᠨ ᠳᠡᠭᠡᠰᠦ ᠪᠠᠷ ᠰᠠᠭᠤᠯᠠᠭ᠎ᠠ ᠤᠶᠠᠭᠠᠳ ᠤᠰᠤᠨ ᠳᠤ ᠤᠨᠠᠭᠰᠠᠨ ᠬᠤᠶᠠᠳᠤᠭᠠᠷ ᠡᠷᠡᠭᠲᠡᠶ ᠤᠷᠤᠭᠤ ᠰᠢᠳᠡᠵᠦ᠂ ᠲᠡᠭᠦᠨ ᠢᠶᠠᠷ ᠰᠠᠭᠤᠯᠠᠭ᠎ᠠ ᠶᠢ ᠴᠢᠩᠭ᠎ᠠ ᠪᠠᠷᠢᠭᠤᠯᠵᠤ᠂ ᠡᠨᠡ ᠡᠷᠡᠭᠲᠡᠶ ᠶᠢ ᠲᠦᠷᠭᠡᠨ ᠤᠷᠤᠰᠬᠠᠯᠲᠤ ᠬᠠᠭᠠᠯᠲᠠ ᠠᠴᠠ ᠵᠠᠶᠢᠯᠠᠭᠤᠯᠤᠯ᠎ᠠ᠂ ᠣᠪᠣᠭᠠᠷᠠᠨ ᠦᠵᠡᠵᠦ ᠪᠠᠶᠢᠭᠰᠠᠨ ᠬᠡᠳᠦᠨ ᠣᠯᠠᠨ ᠲᠦᠮᠡᠨ ᠴᠦ ᠬᠤᠶᠢᠨ᠎ᠠ ᠬᠤᠶᠢᠨ᠎ᠠ ᠠᠴᠠ ᠪᠠᠨ ᠣᠷᠣᠯᠴᠠᠵᠤ ᠬᠠᠪᠰᠤᠷᠤᠭᠰᠠᠨ ᠢᠶᠠᠷ ᠣᠯᠠᠨ ᠤ ᠬᠠᠮᠵᠢᠯᠴᠠᠭ᠎ᠠ ᠳᠣᠣᠷ᠎ᠠ ᠤᠰᠤᠨ ᠳᠤ ᠤᠨᠠᠭᠰᠠᠨ 2 ᠡᠷᠡᠭᠲᠡᠶ ᠶᠢ ᠠᠮᠵᠢᠯᠲᠠ ᠲᠠᠢ ᠪᠠᠷ ᠡᠷᠭᠢ ᠳᠤ ᠠᠪᠤᠷᠠᠨ ᠭᠠᠷᠭᠠᠵᠠᠶ᠃ ᠠᠷᠠᠳ ᠤᠨ ᠴᠠᠭᠳᠠᠭ᠎ᠠ ᠬᠤᠶᠠᠷ ᠬᠥᠮᠦᠨ ᠤ ᠪᠡᠶ᠎ᠡ ᠶᠢ ᠪᠠᠶᠢᠴᠠᠭᠠᠭᠰᠠᠨ ᠳᠤ᠂ ᠬᠥᠯ ᠤᠨ ᠬᠡᠰᠡᠭ ᠨᠢ ᠬᠥᠩᠭᠡᠨ ᠰᠢᠯᠪᠤᠷᠠᠭᠤᠯᠤᠭᠰᠠᠨ ᠠᠴᠠ ᠭᠠᠳᠠᠨ᠎ᠠ᠂ ᠶᠠᠮᠠᠷ ᠴᠤ ᠠᠰᠠᠭᠤᠳᠠᠯ ᠦᠭᠡᠶ᠂ ᠶᠡᠭᠡ ᠠᠶᠤᠵᠤ ᠰᠣᠴᠢᠭᠰᠠᠨ ᠪᠣᠯᠣᠯᠲᠠᠢ ᠴᠡᠴᠡᠷᠬᠢᠯᠡᠵᠦ ᠪᠠᠶᠢᠯ᠎ᠠ᠃       ᠠᠷᠠᠳ ᠤᠨ ᠴᠠᠭᠳᠠᠭ᠎ᠠ ᠣᠶᠢᠯᠠᠭᠠᠭᠰᠠᠨ ᠢᠶᠠᠷ᠂ ᠤᠰᠤᠨ ᠳᠤ ᠤᠨᠠᠭᠰᠠᠨ ᠡᠷᠡᠭᠲᠡᠶ ᠲᠡᠷᠡ ᠣᠷᠣᠶ ᠨᠠᠶᠢᠵᠠ᠂ ᠡᠬᠡᠨᠡᠷ ᠬᠡᠦᠬᠡᠳ ᠢᠶᠠᠨ ᠳᠠᠭᠠᠭᠤᠯᠤᠨ ᠨᠠᠭᠤᠷ ᠤᠨ ᠬᠥᠪᠡᠭᠡᠨ ᠳᠤ ᠵᠤᠭᠠᠴᠠᠪᠠ᠂ ᠨᠠᠶᠢᠵᠠ ᠨᠢ ᠤᠰᠤᠨ ᠰᠤᠪᠠᠭ ᠤᠨ ᠬᠥᠪᠡᠭᠡᠨ ᠳᠤ ᠰᠠᠨᠠᠮᠰᠠᠷ ᠦᠭᠡᠢ ᠤᠰᠤᠨ ᠳᠤ ᠤᠨᠠᠵᠠᠢ᠂ ᠡᠷᠡᠭᠲᠡᠶ ᠨᠠᠶᠢᠵᠠ ᠶᠢᠨ ᠢᠶᠠᠨ ᠤᠷᠤᠰᠬᠠᠭᠳᠠᠨ ᠶᠠᠪᠤᠬᠤ ᠠᠴᠠ ᠠᠶᠤᠵᠤ᠂ ᠰᠠᠨᠳᠤᠷᠤᠭᠰᠠᠨ ᠪᠠᠶᠢᠳᠠᠯ ᠳᠣᠣᠷ᠎ᠠ ᠴᠤ ᠦᠰᠦᠷᠦᠨ ᠪᠠᠭᠤᠪᠠ᠂ ᠤᠤᠯ ᠨᠢ ᠬᠤᠶᠠᠭᠤᠯᠠ ᠪᠠᠨ ᠪᠦᠷ ᠤᠰᠤ ᠤᠮᠪᠠᠵᠤ ᠴᠢᠳᠠᠬᠤ ᠦᠭᠡᠢ᠂ ᠲᠡᠷᠡ ᠦᠶ᠎ᠡ ᠳᠤ ᠵᠠᠮ ᠥᠩᠭᠡᠷᠡᠭᠰᠡᠨ ᠢᠷᠭᠡᠳ ᠬᠤᠶᠠᠷ ᠬᠥᠮᠦᠨ ᠤ ᠤᠰᠤᠨ ᠳᠤ ᠤᠨᠠᠭᠰᠠᠨ ᠢ ᠣᠯᠵᠤ ᠦᠵᠡᠭᠰᠡᠨ ᠪᠥᠭᠡᠳ ᠴᠠᠭᠳᠠᠭ᠎ᠠ ᠶᠢᠨ ᠲᠡᠷᠭᠡ ᠶᠢᠨ ᠬᠦᠷᠴᠦ ᠢᠷᠡᠬᠦ ᠶᠢ ᠣᠯᠵᠤ ᠦᠵᠡᠭᠡᠳ᠂ ᠡᠬᠢᠨ ᠤ ᠲᠡᠷᠡ ᠦᠵᠡᠭᠳᠡᠯ ᠪᠣᠯᠣᠭᠰᠠᠨ ᠪᠠᠶᠢᠨ᠎ᠠ᠃ ᠠᠷᠠᠳ ᠤᠨ ᠴᠠᠭᠳᠠᠭ᠎ᠠ ᠬᠤᠶᠠᠷ ᠬᠥᠮᠦᠨ ᠢ ᠰᠢᠭᠦᠮᠵᠢᠯᠡᠨ ᠰᠤᠷᠭᠠᠭᠰᠠᠨ ᠤ ᠳᠠᠷᠠᠭ᠎ᠠ᠂ ᠲᠡᠳᠡᠨ ᠢ ᠲᠦᠷᠭᠡᠨ ᠲᠡᠷᠭᠡᠨ ᠳᠤ ᠭᠠᠷᠴᠤ ᠬᠤᠪᠴᠠᠰᠤ ᠪᠠᠨ ᠰᠣᠯᠢᠬᠤ ᠬᠡᠷᠡᠭᠲᠡᠶ ᠭᠡᠵᠦ ᠵᠠᠬᠢᠪᠠ᠂ ᠣᠶᠢᠷ᠎ᠠ ᠬᠠᠪᠢ ᠶᠢᠨ ᠣᠯᠠᠨ ᠲᠦᠮᠡᠨ ᠴᠠᠭᠳᠠᠭ᠎ᠠ ᠨᠠᠷ ᠢ ᠠᠯᠢ ᠰᠠᠯᠠᠭ᠎ᠠ ᠮᠥᠴᠢᠷ ᠤᠨ ᠴᠠᠭᠳᠠᠭ᠎ᠠ ᠪᠣᠯᠬᠤ ᠶᠢ ᠨᠡᠬᠡᠮᠵᠢᠯᠡᠨ ᠠᠰᠠᠭᠤᠭᠰᠠᠨ ᠳᠤ ᠰᠦᠨ ᠶᠡᠭᠡ ᠠᠩᠭᠢ ᠶᠢᠨ ᠳᠠᠷᠤᠭ᠎ᠠ ᠢᠨᠢᠶᠡᠮᠰᠦᠭᠯᠡᠨ ᠲᠡᠳᠡᠨ ᠳᠤ ︽ᠳ᠋ᠧᠩᠺᠸᠦ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾ ᠭᠡᠵᠡᠢ᠃       ᠳ᠋ᠧᠩᠺᠸᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃      
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ