ᠳ᠋ᠧᠩᠺᠸᠦ ᠠᠩᠬᠠᠳᠤᠭᠠᠷ ᠤᠳᠠᠭ᠎ᠠ ᠡᠵᠡᠩᠨᠡᠯᠲᠡ ᠶᠢᠨ ᠦᠨᠡᠮᠯᠡᠯ ᠢ ᠣᠶᠤᠨᠴᠢ ᠪᠠᠷ ︽ᠪᠡᠶ᠎ᠡ ᠪᠠᠨ ᠳᠠᠭᠠᠭᠠᠵᠤ  ᠭᠦᠢᠴᠡᠳᠬᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/11/18
      9 ᠰᠠᠷ᠎ᠠ ᠶᠢᠨ 14 ᠤ ᠡᠳᠦᠷ᠂ ᠳ᠋ᠧᠩᠺᠸᠦ ᠰᠢᠶᠠᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ᠨᠢ ᠬᠥᠮᠦᠨ ᠤ ᠬᠦᠴᠦ ᠪᠠᠷ ᠭᠠᠷ ᠲᠦᠷᠦᠭᠦ ᠥᠬᠡᠶ ᠣᠶᠤᠨᠴᠢ ᠬᠢᠨᠠᠨ ᠵᠥᠪᠰᠢᠶᠡᠷᠡᠬᠦ ᠰᠢᠰᠲ᠋ᠧᠮ ᠢᠶᠠᠷ ᠳᠠᠮᠵᠢᠭᠤᠯᠤᠨ᠂ ᠡᠵᠡᠩᠨᠡᠯᠲᠡ ᠶᠢᠨ ᠦᠨᠡᠮᠯᠡᠯ ᠢ ᠣᠶᠤᠨᠴᠢ ᠪᠠᠷ ︽ᠪᠡᠶ᠎ᠡ ᠪᠠᠨ ᠳᠠᠭᠠᠭᠠᠵᠤ  ᠭᠦᠢᠴᠡᠳᠬᠡᠬᠦ︾  ᠶᠢ ᠠᠩᠬ᠎ᠠ ᠤᠳᠠᠭ᠎ᠠ ᠪᠡᠶᠡᠯᠡᠭᠦᠯᠵᠡᠶ᠃       ᠬᠥᠮᠦᠨ ᠤ ᠬᠦᠴᠦ ᠪᠠᠷ ᠭᠠᠷ ᠲᠦᠷᠦᠭᠦ ᠥᠬᠡᠶ ᠣᠶᠤᠨᠴᠢ ᠬᠢᠨᠠᠨ ᠵᠥᠪᠰᠢᠶᠡᠷᠡᠯ ᠨᠢ ᠥᠪᠥᠷ ᠮᠣᠩᠭᠤᠯ ᠤᠨ E ᠳᠡᠩᠰᠡᠯᠡᠯᠲᠡ ᠶᠢᠨ APP ᠳᠤ ᠲᠦᠰᠢᠭᠯᠡᠨ᠂ ᠪᠡᠶ᠎ᠡ ᠶᠢᠨ ᠬᠢᠷᠢ ᠬᠡᠮ ᠢ ᠰᠢᠯᠭᠠᠨ ᠪᠠᠲᠤᠯᠠᠬᠤ᠂  ᠡᠯᠧᠺᠲᠷᠣᠨ ᠭᠠᠷ ᠤᠨ ᠥᠰᠥᠭ ᠵᠢᠷᠤᠬᠤ᠂ ᠥᠪᠡᠰᠦᠪᠡᠨ ᠬᠢᠨᠠᠨ ᠵᠥᠪᠰᠢᠶᠡᠷᠡᠬᠦ ᠵᠡᠷᠭᠡ ᠶᠠᠪᠤᠴᠠ ᠪᠠᠷ ᠳᠠᠮᠵᠢᠭᠤᠯᠤᠨ ᠂ ᠰᠦᠯᠵᠢᠶᠡᠨ ᠳᠡᠭᠡᠷ᠎ᠡ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠲᠤᠬᠠᠶᠢᠯᠠᠭᠰᠠᠨ ᠠᠵᠢᠯ ᠢ ᠭᠥᠯᠢᠶᠡᠨ ᠠᠪᠴᠤ  ᠰᠢᠢᠳᠪᠦᠷᠢᠯᠡᠬᠦ ᠶᠢ ᠵᠢᠭᠠᠵᠤ ᠪᠣᠶ᠃ ᠭᠤᠶᠤᠴᠢᠯᠠᠭᠴᠢ ᠵᠥᠪᠬᠡᠨ ᠪᠡᠶ᠎ᠡ ᠶᠢᠨ ᠦᠨᠡᠮᠯᠡᠯ ᠪᠠ ᠣᠷᠣᠨ ᠰᠠᠭᠤᠴᠠ ᠶᠢᠨ ᠭᠡᠷᠡᠴᠢ ᠪᠠᠨ ᠬᠠᠩᠭᠠᠪᠠᠯ ᠪᠣᠯᠴᠢᠬᠠᠨ᠎ᠠ᠂ ᠤᠶᠤᠨᠲᠤ ᠮᠠᠰᠢᠨ ᠬᠥᠮᠦᠨ ᠤ ᠠᠦ᠋ᠲ᠋ᠣ᠋ ᠬᠢᠨᠠᠨ ᠵᠥᠪᠰᠢᠶᠡᠷᠡᠯ ᠢᠶᠠᠷ ᠳᠡᠮᠵᠢᠨ᠂ ᠵᠥᠪᠬᠡᠨ ᠬᠡᠳᠦᠬᠡᠨ ᠮᠢᠨᠦ᠋ᠲ᠂ ᠬᠠᠮᠤᠭ ᠬᠤᠷᠳᠤᠨ ᠳᠠᠭᠠᠨ ᠬᠡᠳᠦᠨ ᠠᠷᠪᠠᠨ ᠰᠧᠺᠦ᠋ᠨ᠋ᠳ᠋ ᠲᠤ ᠡᠵᠡᠩᠨᠡᠯᠲᠡ ᠶᠢᠨ ᠦᠨᠡᠮᠯᠡᠯ ᠢᠶᠠᠨ ᠣᠯᠵᠤ ᠪᠣᠯᠤᠨ᠎ᠠ᠃ ᠲᠤᠰ ᠰᠢᠰᠲ᠋ᠧᠮ ᠢ ᠡᠬᠢᠯᠡᠭᠦᠯᠦᠭᠰᠡᠨ ᠨᠢ ᠳᠠᠩᠰᠠᠯᠠᠬᠤ ᠠᠷᠭ᠎ᠠ ᠮᠠᠶ᠋ᠢᠭ ᠢ ᠲᠦᠢᠯᠪᠤᠷᠢᠲᠠᠶ ᠬᠤᠪᠢᠷᠠᠭᠤᠯᠵᠤ᠂ ᠤᠯᠠᠮᠵᠢᠯᠠᠯᠲᠤ ᠡᠮᠦᠨ᠎ᠡ ᠲᠠᠪᠴᠠᠩ ᠤᠨ ᠬᠥᠮᠦᠨ ᠤ ᠬᠦᠴᠦ ᠪᠠᠷ ᠭᠥᠯᠢᠶᠡᠨ ᠠᠪᠴᠤ  ᠰᠢᠢᠳᠪᠦᠷᠢᠯᠡᠬᠦ᠂ ᠠᠷᠤ ᠲᠠᠪᠴᠠᠩ ᠤᠨ ᠬᠥᠮᠦᠨ ᠤ ᠬᠦᠴᠦ ᠪᠠᠷ ᠬᠢᠨᠠᠨ ᠵᠥᠪᠰᠢᠶᠡᠷᠡᠬᠦ ᠬᠤᠶᠠᠷ ᠭᠤᠭᠴᠤᠭ᠎ᠠ ᠶᠢ ᠪᠠᠭᠠᠰᠬᠠᠨ ᠰᠢᠰᠲ᠋ᠧᠮ ᠤᠨ ᠠᠦ᠋ᠲ᠋ᠣ᠋ ᠭᠥᠯᠢᠶᠡᠨ ᠠᠪᠴᠤ ᠬᠢᠨᠠᠨ ᠬᠠᠷᠭᠤᠭᠤᠯᠬᠤ ᠨᠢᠭᠡ ᠭᠤᠭᠴᠤᠭ᠎ᠠ ᠪᠣᠯᠭᠠᠵᠤ᠂ ᠪᠥᠬᠦ ᠶᠠᠪᠤᠴᠠ ᠳᠤ ︽ᠬᠥᠮᠦᠨ ᠤ ᠬᠦᠴᠦ ᠪᠠᠷ ᠭᠠᠷ ᠲᠦᠷᠦᠭᠦ ᠥᠬᠡᠶ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ  ᠰᠢᠢᠳᠪᠦᠷᠢᠯᠡᠬᠦ ᠳᠤ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠴᠢᠨᠠᠭᠰᠢᠯᠠᠪᠠᠯ ︽ᠥᠴᠦᠬᠡᠨ ᠴᠦ ᠭᠦᠶᠦᠯᠭᠡᠬᠦ ᠥᠬᠡᠶ︾ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠢᠯᠡᠳᠲᠡ ᠨᠡᠮᠡᠭᠳᠡᠭᠦᠯᠪᠡ᠃       ᠡᠨᠡ ᠵᠢᠯ ᠠᠴᠠ ᠨᠠᠰᠢ᠂ ᠳ᠋ᠧᠩᠺᠸᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠠᠵᠤ ᠠᠬᠤᠶᠢᠯᠠᠯ ᠡᠷᠭᠢᠯᠡᠬᠦ ᠶᠢ ᠬᠢᠨᠠᠨ ᠵᠥᠪᠰᠢᠶᠡᠷᠡᠬᠦ ᠴᠤᠪᠤᠷᠠᠯ ᠢ ᠶᠡᠬᠡᠪᠡᠷ ᠰᠢᠯᠢᠳᠡᠭᠵᠢᠭᠦᠯᠵᠦ᠂ ᠠᠵᠤ ᠠᠬᠤᠶᠢᠯᠠᠯ ᠡᠷᠭᠢᠯᠡᠬᠦ ᠳᠤ ︽ᠨᠢᠭᠡ ᠯᠡ ᠤᠳᠠᠭ᠎ᠠ ᠳᠤ  ᠭᠦᠢᠴᠡᠳᠬᠡᠬᠦ︾ ᠴᠣᠩᠬᠤ ᠭᠠᠷᠭᠠᠵᠤ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ᠂ ᠲᠠᠮᠠᠭ᠎ᠠ ᠰᠡᠶᠢᠯᠦᠨ  ᠦᠢᠯᠡᠳᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠡᠮᠴᠢᠯᠡᠭᠡᠨ ᠤ ᠳᠠᠭᠠᠳᠬᠠᠯ ᠤᠨ ᠳᠡᠩᠰᠡᠯᠡᠯᠲᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠳᠡᠩᠰᠡᠯᠡᠯᠲᠡ᠂ ᠪᠠᠩᠬᠢ ᠶᠢᠨ ᠲᠠᠩᠰᠠᠨ ᠡᠷᠦᠬᠡ ᠶᠢ ᠤᠷᠢᠳᠴᠢᠯᠠᠨ ᠪᠣᠯᠵᠣᠬᠤ ᠵᠡᠷᠭᠡ 6  ᠵᠦᠢᠯᠡᠰ ᠢ ᠨᠡᠶᠢᠯᠡᠭᠦᠯᠦᠭᠡᠳ ︽ᠨᠢᠭᠡ ᠶᠠᠪᠤᠳᠠᠯ︾ ᠪᠣᠯᠭᠠᠨ  ᠭᠦᠢᠴᠡᠳᠬᠡᠵᠦ᠂  ᠭᠦᠢᠴᠡᠳᠬᠡᠬᠦ ᠴᠠᠭ ᠤᠨ ᠬᠢᠵᠠᠭᠠᠷ ᠢ 3 — 5 ᠠᠵᠢᠯ ᠤᠨ ᠡᠳᠦᠷ ᠪᠠᠶᠢᠭᠰᠠᠨ ᠠᠴᠠ 0.5 ᠠᠵᠢᠯ ᠤᠨ ᠡᠳᠦᠷ ᠪᠣᠯᠭᠠᠨ ᠪᠣᠭᠤᠨᠢᠰᠬᠠᠨ᠎ᠠ᠃ ᠡᠭᠦᠨ ᠤ ᠬᠠᠮᠲᠤ᠂ ᠪᠥᠬᠦ ᠶᠠᠪᠤᠴᠠ ᠳᠤ ᠬᠠᠪᠰᠤᠷᠤᠨ  ᠭᠦᠢᠴᠡᠳᠬᠡᠬᠦ᠂ ᠴᠤᠪᠤᠷᠠᠯ ᠢ ᠳᠠᠬᠢᠨ  ᠦᠢᠯᠡᠳᠬᠦ᠂ ᠥᠪᠡᠰᠦᠪᠡᠨ  ᠦᠢᠯᠡᠴᠢᠯᠡᠬᠦ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠴᠢᠳᠠᠮᠵᠢ ᠶᠢᠨ ᠬᠠᠷᠢᠯᠴᠠᠨ ᠨᠥᠬᠦᠪᠥᠷᠢᠯᠡᠬᠦ᠂ ᠴᠣᠩᠬᠤᠪᠴᠢ  ᠦᠢᠯᠡᠴᠢᠯᠡᠭᠡ ᠬᠢᠭᠡᠳ ᠥᠪᠡᠰᠦᠪᠡᠨ  ᠦᠢᠯᠡᠴᠢᠯᠡᠬᠦ  ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠂ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ