︽ᠲᠧᠯᠸᠢᠰ + ᠵᠠᠰᠠᠭ ᠤᠨ ᠶᠠᠪᠤᠳᠠᠯ︾  ᠦᠢᠯᠡᠴᠢᠯᠡᠭᠡ ᠨᠠᠩ ᠲᠥᠬᠦᠮ ᠪᠣᠯᠪᠠ
ᠨᠡᠶᠢᠲᠡᠯᠡᠭᠰᠡᠨ ᠴᠠᠭ᠄
2022/11/18
      9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠳ᠋ᠧᠩᠺᠸᠦ ᠰᠢᠶᠠᠨ ᠤ ᠬᠤᠪᠢᠶᠠᠷᠢ ᠺᠣᠮᠫᠠᠨᠢ ᠲᠠᠢ ᠳ᠋ᠧᠩᠺᠸᠦ ᠰᠢᠶᠠᠨ ᠤ ︽ᠲᠧᠯᠸᠢᠰ + ᠵᠠᠰᠠᠭ ᠤᠨ ᠶᠠᠪᠤᠳᠠᠯ ᠤᠨ  ᠦᠢᠯᠡᠴᠢᠯᠡᠭᠡ︾  ᠶᠢᠨ ᠵᠦᠢᠯᠡᠰ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃       ᠲᠣᠰ ᠲᠥᠷᠥᠯ ᠵᠦᠶ᠋ᠯ ᠢ ᠰᠢᠶᠠᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠳ᠋ᠧᠩᠺᠸᠦ ᠰᠢᠶᠠᠨ ᠤ ᠬᠤᠪᠢᠶᠠᠷᠢ ᠺᠣᠮᠫᠠᠨᠢ ᠬᠠᠮᠲᠤᠷᠠᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠢᠩᠬᠢᠮ ᠤᠨ ᠶᠡᠷᠦᠩᠬᠡᠶᠢᠯᠡᠭᠰᠡᠨ ᠨᠢᠭᠡ ᠴᠣᠩᠬᠤᠨ ᠤ ᠭᠥᠯᠢᠶᠡᠨ ᠠᠪᠴᠤ  ᠰᠢᠢᠳᠪᠦᠷᠢᠯᠡᠬᠦ ᠲᠣᠭᠤᠷᠢᠭ ᠲᠤ᠂ ︽12345︾ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠲᠤᠰᠬᠠᠶ ᠲᠣᠭᠤᠷᠢᠭ ᠪᠠ ᠯᠦᠩ ᠱᠧᠩ ᠾᠧ ᠪᠠᠯᠭᠠᠰᠤ᠂ ᠳ᠋ᠦ᠋ ᠺᠸᠦ ᠪᠠᠯᠭᠠᠰᠤ᠂ ᠨᠠᠷᠢᠨᠲᠤᠬᠤᠢ ᠲᠠᠷᠢᠶᠠᠯᠠᠩ ᠤᠨ ᠲᠠᠯᠠᠪᠠᠶ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠲᠤ 5 ᠬᠠᠷᠠᠭᠠᠨ ᠳᠠᠪᠲᠠᠮᠵᠢ ᠶᠢᠨ ᠲᠤᠰᠬᠠᠶ ᠲᠣᠭᠤᠷᠢᠭ ᠭᠠᠷᠭᠠᠵᠤ᠂ ︽ᠲᠧᠯᠸᠢᠰ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢ ᠳᠡᠯᠭᠡᠷᠡᠭᠦᠯᠬᠦ ᠶᠢᠨ ᠬᠠᠮᠲᠤ᠂ ᠬᠤᠶᠠᠷ ᠪᠠᠯᠭᠠᠰᠤ᠂ ᠨᠢᠭᠡ ᠲᠠᠷᠢᠶᠠᠯᠠᠩ ᠤᠨ ᠲᠠᠯᠠᠪᠠᠶ ᠳᠤ ︽ᠲᠧᠯᠸᠢᠰ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢᠨ 200 ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃       ︽ᠲᠧᠯᠸᠢᠰ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢᠨ ᠰᠢᠨ᠎ᠡ ᠶᠢ ᠡᠭᠦᠳᠬᠦ ᠶᠢ ᠤᠶᠠᠯᠳᠤᠭᠤᠯᠬᠤ ᠪᠣᠯ ᠰᠢᠶᠠᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ ︽ᠨᠢᠭᠡ ᠯᠡ ᠤᠳᠠᠭ᠎ᠠ ᠳᠤ ᠰᠠᠶᠢᠲᠤᠷ ᠡᠷᠭᠢᠯᠡᠬᠦ︾ ᠶᠢ ᠨᠠᠶᠢᠳᠠᠪᠤᠷᠢᠵᠢᠭᠤᠯᠵᠤ᠂ ︽ᠢᠯᠡ ᠲᠣᠳᠣ ᠵᠠᠰᠠᠭ ᠤᠨ ᠶᠠᠪᠤᠳᠠᠯ︾ ᠢ ᠪᠣᠶ ᠪᠣᠯᠭᠠᠬᠤ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠮᠠᠯᠴᠢᠨ ᠲᠠᠷᠢᠶᠠᠴᠢᠨ ᠤ ᠬᠡᠷ ᠪᠦᠯᠢ ᠶᠢᠨ ᠲᠧᠯᠸᠢᠰ ᠬᠢᠭᠡᠳ ᠰᠢᠶᠠᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ᠂ ᠰᠤᠮᠤ ᠪᠠᠯᠭᠠᠰᠤ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠬᠠᠷᠠᠭᠠᠨ ᠳᠠᠪᠲᠠᠮᠵᠢ ᠶᠢᠨ ᠴᠣᠩᠬᠤ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠬ᠎ᠠ ᠬᠢᠵᠠᠭᠠᠷ ᠣᠷᠣᠨ ᠤ ᠣᠯᠠᠨ ᠲᠦᠮᠡᠨ ᠢ ᠦᠨᠡᠨ ᠬᠦ ︽ᠠᠰᠠᠭᠤᠨ ᠯᠠᠪᠯᠠᠬᠤ ᠳᠤ ᠭᠠᠳᠠᠭᠰᠢ ᠭᠠᠷᠬᠤ ᠥᠬᠡᠶ᠂ ᠤᠴᠢᠷ ᠶᠠᠪᠤᠳᠠᠯ ᠢ  ᠰᠢᠢᠳᠪᠦᠷᠢᠯᠡᠬᠦ ᠳᠤ ᠭᠦᠶᠦᠯᠭᠡᠬᠦ ᠥᠬᠡᠶ︾ ᠪᠣᠯᠭᠠᠵᠤ᠂ ᠣᠯᠠᠨ ᠲᠦᠮᠡᠨ ᠳᠤ  ᠦᠢᠯᠡᠴᠢᠯᠡᠬᠦ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠪᠡ᠃  
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ