ᠴᠧᠨ ᠭᠦᠩ ᠮᠢᠩ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠤᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠪᠣᠯᠵᠣᠨ ᠠᠭᠤᠯᠵᠠᠪᠠ
ᠨᠡᠶᠢᠲᠡᠯᠡᠭᠰᠡᠨ ᠴᠠᠭ᠄
2022/11/18
      ᠴᠧᠨ ᠭᠦᠩ ᠮᠢᠩ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠤᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠪᠣᠯᠵᠣᠨ ᠠᠭᠤᠯᠵᠠᠪᠠ      9 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠴᠧᠨ ᠬᠥᠩ ᠮᠢᠩ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ  ᠰᠢᠢᠳᠪᠦᠷᠢᠯᠡᠬᠦ ᠠᠵᠢᠯ ᠢ ᠲᠤᠰᠬᠠᠶ ᠰᠡᠳᠦᠪ ᠢᠶᠠᠷ ᠰᠤᠳᠤᠯᠤᠭᠰᠠᠨ ᠪᠥᠭᠡᠳ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠪᠣᠯᠵᠣᠨ ᠠᠭᠤᠯᠵᠠᠪᠠ᠂ ᠰᠢᠶᠠᠨ ᠤ ᠤᠳᠤᠷᠢᠳᠤᠯᠭ᠎ᠠ ᠯᠢᠦ ᠳᠠᠯᠠᠶ᠂ ᠵᠠᠩ ᠹᠸᠢ᠂ ᠾᠧ ᠴᠧᠩ ᠭᠠᠩ᠂ ᠾᠧ ᠷᠦᠩ᠂ ᠬᠠᠨ ᠷᠦᠢ ᠣᠷᠣᠯᠴᠠᠭᠰᠠᠨ ᠪᠥᠭᠡᠳ ᠲᠡᠭᠦᠨ ᠳᠤ ᠪᠠᠷ᠎ᠠ ᠪᠣᠯᠵᠤ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠲᠠᠢ ᠪᠣᠯᠵᠣᠨ ᠠᠭᠤᠯᠵᠠᠪᠠ᠃       ᠴᠧᠨ ᠬᠥᠩ ᠮᠢᠩ ᠣᠶᠢᠷ᠎ᠠ ᠶᠢᠨ ᠬᠤᠭᠤᠴᠠᠭᠠᠨ ᠳᠤ ᠲᠥᠪ ᠬᠤᠷᠢᠶᠠᠨ ᠠᠴᠠ ᠳᠠᠬᠢᠨ ᠳᠠᠪᠲᠠᠨ ᠰᠤᠷᠪᠤᠯᠵᠢᠯᠠᠵᠤ ᠭᠡᠳᠡᠷᠭᠦ ᠤᠷᠤᠰᠬᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠠᠰᠠᠬᠤ ᠪᠠ ᠪᠡᠭᠡᠵᠢᠩ ᠳᠤ ᠬᠦᠷᠴᠦ ᠬᠥᠬᠡᠬᠤᠲᠠ ᠳᠤ ᠣᠴᠢᠵᠤ  ᠰᠢᠢᠳᠪᠦᠷᠢᠯᠡᠭᠦᠯᠵᠦ ᠪᠠᠷ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠤᠳᠤᠯᠵᠤ᠂ ᠬᠡᠷᠡᠭ ᠳᠠᠷᠠᠭᠠᠯᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠮᠠᠲ᠋ᠧᠷᠢᠶᠠᠯ ᠢ ᠬᠢᠨᠠᠨ ᠦᠵᠡᠵᠦ᠂ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠠᠮᠳᠠᠭᠤᠯᠬᠤ ᠠᠷᠭ᠎ᠠ ᠬᠡᠮᠵᠢᠶ᠎ᠡ ᠪᠠ ᠰᠠᠨᠠᠯ ᠳᠤᠷᠠᠳᠴᠠᠶ᠃ ᠡᠭᠦᠨ ᠤ ᠳᠠᠷᠠᠭ᠎ᠠ᠂ ᠴᠧᠨ ᠱᠦᠵᠢ ᠣᠷᠣᠨ ᠰᠠᠭᠤᠴᠠ ᠪᠠ ᠲᠡᠵᠢᠭᠡᠨ ᠦᠷᠡᠵᠢᠭᠦᠯᠬᠦ ᠬᠦᠷᠢᠶ᠎ᠡ ᠬᠠᠰᠢᠶ᠎ᠠ ᠪᠠᠨ  ᠰᠢᠢᠳᠪᠦᠷᠢᠯᠡᠭᠦᠯᠬᠦ ᠪᠠᠷ ᠱᠠᠭᠠᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠲᠠᠢ ᠪᠣᠯᠵᠣᠨ ᠠᠭᠤᠯᠵᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠠᠯᠠᠰᠢᠷᠠᠯ ᠦᠭᠡᠶ ᠲᠠᠶᠢᠯᠪᠤᠷᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠯᠠᠨ ᠲᠦᠮᠡᠨ ᠤ ᠦᠢᠯᠡᠳᠪᠦᠷᠢᠯᠡᠯ ᠪᠠ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠣᠷᠣᠯᠭ᠎ᠠ ᠪᠠᠨ ᠪᠤᠳᠤᠵᠤ᠂ ᠲᠥᠯᠥᠪᠯᠡᠭᠡ ᠬᠢᠵᠦ᠂ ᠲᠦᠷᠦ ᠶᠢᠨ ᠪᠤᠳᠤᠯᠭ᠎ᠠ ᠪᠠᠷ ᠬᠠᠪᠰᠤᠷᠤᠨ ᠲᠡᠳᠬᠦᠬᠦ᠂ ᠪᠡᠯᠡ ᠮᠥᠩᠭᠦ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ  ᠰᠢᠢᠳᠪᠦᠷᠢᠯᠡᠬᠦ ᠰᠠᠨᠠᠯ ᠢᠶᠠᠨ ᠲᠣᠳᠣᠷᠬᠠᠶ ᠳᠤᠷᠠᠳᠴᠤ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠤ ᠢᠲᠡᠭᠡᠯ ᠵᠣᠷᠢᠭ ᠲᠠᠢ ᠪᠣᠯᠬᠤ ᠶᠢ ᠵᠣᠷᠢᠭᠵᠢᠭᠤᠯᠵᠤ᠂ ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠪᠠᠷ ᠳᠠᠮᠵᠢᠭᠤᠯᠤᠨ ᠠᠮᠢᠳᠤᠷᠠᠯ ᠢᠶᠠᠨ ᠤᠯᠠᠮ ᠠᠴᠠ ᠤᠯᠠᠮ ᠰᠠᠶᠢᠨ ᠥᠩᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ  ᠰᠢᠢᠳᠪᠦᠷᠢᠯᠡᠬᠦ ᠠᠷᠭ᠎ᠠ ᠪᠠ ᠠᠷᠭ᠎ᠠ ᠬᠡᠮᠵᠢᠶ᠎ᠡ ᠳᠤ ᠬᠠᠨᠤᠮᠵᠢᠲᠠᠶ ᠪᠠᠶᠢᠬᠤ ᠪᠠᠨ ᠢᠯᠡᠳᠬᠡᠬᠦ ᠶᠢᠨ ᠬᠠᠮᠲᠤ ᠨᠠᠮ ᠪᠠ ᠵᠠᠰᠠᠭ ᠤᠨ ᠣᠷᠳᠣᠨ ᠤ ᠥᠪᠡᠷ ᠤᠨ ᠲᠤᠰᠬᠠᠭᠰᠠᠨ ᠠᠰᠠᠭᠤᠳᠠᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠶ᠃       ᠴᠧᠨ ᠬᠥᠩ ᠮᠢᠩ ᠵᠢᠭᠠᠵᠤ ᠭᠠᠷᠭᠠᠬᠤ ᠳᠠᠭᠠᠨ᠄ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠭᠡᠷ ᠲᠤ ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ︽ᠠᠷᠠᠳ ᠤᠨ ᠬᠦᠴᠢᠷᠳᠡᠯ ᠢ  ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ  ᠰᠢᠢᠳᠪᠦᠷᠢᠯᠡᠬᠦ︾ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠦᠷᠴᠡ ᠠᠴᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠵᠥᠷᠢᠴᠡᠯ ᠢ ᠲᠣᠬᠢᠲᠠᠶ  ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃       ᠴᠧᠨ ᠬᠥᠩ ᠮᠢᠩ ᠴᠢᠬᠤᠯᠠᠴᠢᠯᠠᠭᠰᠠᠨ ᠨᠢ᠂ ᠣᠯᠠᠨ ᠲᠦᠮᠡᠨ ᠬᠡᠪ ᠤᠨ ᠠᠷᠭ᠎ᠠ ᠵᠠᠮ ᠢᠶᠠᠷ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠳᠤᠷᠠᠳᠴᠤ᠂ ᠠᠰᠠᠭᠤᠳᠠᠯ ᠢ ᠲᠤᠰᠬᠠᠵᠤ᠂ ᠮᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠢᠲᠡᠭᠡᠵᠦ ᠪᠠᠶᠢᠭ᠎ᠠ ᠶᠠᠪᠤᠳᠠᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ  ᠰᠢᠢᠳᠪᠦᠷᠢᠯᠡᠬᠦ︾ ᠵᠠᠷᠴᠢᠮ ᠶᠣᠰᠣᠭᠠᠷ᠂ ᠬᠢᠵᠦ ᠳᠡᠶᠢᠯᠬᠦ ᠶᠠᠪᠤᠳᠠᠯ ᠢ ᠳᠠᠷᠤᠶ ᠲᠦᠷᠭᠡᠨ ᠬᠢᠵᠦ᠂ ᠬᠢᠵᠦ ᠳᠡᠶᠢᠯᠬᠦ ᠦᠭᠡᠢ ᠶᠠᠪᠤᠳᠠᠯ ᠢ ᠨᠢ ᠨᠡᠪᠲᠡᠷᠡᠯᠴᠡᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠮᠢᠳᠤᠷᠠᠯ ᠨᠢ ᠦᠨᠡᠬᠡᠷ ᠬᠦᠴᠢᠷᠳᠡᠯ ᠲᠠᠢ ᠪᠣᠯ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠠᠪᠰᠤᠷᠴᠤ᠂ ᠲᠠᠲᠠᠬᠤ ᠬᠡᠷᠡᠭᠲᠡᠶ᠂ ᠬᠠᠷᠠᠵᠤ ᠪᠠᠶᠢᠭᠠᠳ ᠬᠠᠮᠢᠶᠠᠷᠬᠤ ᠦᠭᠡᠢ᠂ ᠣᠶᠢᠰᠢᠶᠠᠬᠤ ᠴᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠭᠳᠠᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠶ ᠳᠤᠨᠢ ᠣᠶᠢᠯᠠᠭᠠᠨ ᠡᠵᠡᠮᠰᠢᠵᠦ᠂ ᠵᠥᠷᠢᠴᠡᠯ ᠢ ᠦᠨᠳᠦᠰᠦᠨ ᠱᠠᠲᠤᠨ ᠳᠤ  ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ  ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠶ︔ ᠵᠠᠩᠭᠢᠯᠠᠭ᠎ᠠ ᠶᠢ ᠨᠢ ᠣᠨᠣᠪᠴᠢᠲᠠᠶ ᠡᠷᠢᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶ᠋ᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠲᠤᠭ᠎ᠠ ᠬᠡᠮᠵᠢᠶ᠎ᠡ ᠶᠢ ᠦᠨᠡᠨ ᠬᠦ ᠪᠠᠭᠤᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠤᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠣᠶᠤᠨᠴᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠵᠢᠷᠤᠮᠵᠢᠭᠤᠯᠬᠤ ᠬᠡᠷᠡᠭᠲᠡᠶ︔ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠳᠤ ᠮᠥᠷᠳᠡᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠬᠦ ᠰᠢᠬᠠᠮᠳᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃        ᠴᠧᠨ ᠬᠥᠩ ᠮᠢᠩ ᠱᠠᠭᠠᠷᠳᠠᠭᠰᠠᠨ ᠨᠢ᠄ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠶ ᠪᠠᠨ ᠪᠠᠷᠢᠮᠲᠠᠯᠠᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠦᠵᠡᠯ ᠪᠣᠳᠣᠯ ᠢ ᠪᠠᠲᠤ ᠪᠠᠬᠢ ᠪᠣᠶ ᠪᠣᠯᠭᠠᠵᠤ᠂ ᠤᠳᠤᠷᠢᠳᠬᠤ ᠺᠠᠳ᠋ᠷ ᠲᠦᠷᠦᠭᠦᠯᠡᠨ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠠᠷᠢᠮᠲᠠᠯᠠᠨ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠭᠡᠳᠡᠷᠭᠦ ᠤᠷᠤᠰᠬᠤ ᠠᠰᠠᠭᠤᠳᠠᠯ ᠢ ᠬᠦᠴᠦᠯᠡᠨ  ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠲᠦᠭᠰᠢᠭᠦᠷᠢ ᠶᠢᠨ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠶ  ᠵᠦᠢᠯ ᠤᠨ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ  ᠰᠢᠢᠳᠪᠦᠷᠢᠯᠡᠨ᠂ ᠪᠡᠭᠡᠵᠢᠩ ᠳᠤ ᠬᠦᠷᠴᠦ ᠬᠥᠬᠡᠬᠤᠲᠠ ᠳᠤ ᠬᠦᠷᠴᠦ ᠰᠤᠷᠪᠤᠯᠵᠢᠯᠠᠬᠤ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠪᠠᠭᠠᠰᠬᠠᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠷᠢᠨ ᠨᠢᠭᠲᠠ ᠤᠳᠤᠷᠢᠳᠬᠤ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠥᠷᠳᠡᠨ ᠠᠰᠠᠭᠤᠬᠤ ᠦᠷ᠎ᠡ ᠪᠦᠲᠦᠮᠵᠢ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠵᠣᠭᠰᠣᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠵᠦ᠂ ᠢᠯᠡᠭᠦᠬᠡᠨ ᠪᠠᠶᠢᠷᠢ ᠰᠣᠯᠢᠵᠤ ᠰᠡᠳᠬᠢᠨ᠂ ᠰᠡᠳᠬᠢᠯ ᠰᠡᠳᠬᠢᠯ ᠢᠶᠠᠨ ᠮᠡᠳᠡᠯᠴᠡᠵᠦ᠂ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠠᠰᠠᠭᠤᠳᠠᠯ ᠢ  ᠰᠢᠢᠳᠪᠦᠷᠢᠯᠡᠬᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃    
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ