ᠳ᠋ᠧᠩᠺᠸᠥ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠤᠤ ᠹᠧᠨ ᠱᠠᠨ ᠳ᠋ᠦ᠋ ᠺᠸᠦ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/11/18
      9 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠲᠤᠤ ᠹᠧᠨ ᠱᠠᠨ ᠳ᠋ᠦ᠋ ᠺᠸᠦ ᠪᠠᠯᠭᠠᠰᠤᠨ ᠳᠤ ᠬᠦᠷᠴᠦ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠳ᠋ᠦ᠋ ᠺᠸᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠶᠠᠩ ᡁᠢ ᠴᠢᠶᠠᠩ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠵᠣᠣ ᠪᠢᠩ ᠶᠤᠸᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃       ᠲᠤᠤ ᠹᠧᠨ ᠱᠠᠨ ᠨᠠᠷ ᠤᠷᠢᠳ ᠬᠤᠵᠢᠳ ᠳ᠋ᠦ᠋ ᠺᠸᠦ ᠪᠠᠯᠭᠠᠰᠤᠨ ᠤ ᠤᠳᠤ ᠦᠶ᠎ᠡ ᠶᠢᠨ ᠥᠨᠳᠥᠷ ᠪᠠᠷᠢᠮᠵᠢᠶᠠᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ ᠪᠤᠭᠤᠳᠠᠢ ᠶᠢᠨ ᠲᠠᠷᠠᠭ᠎ᠠ ᠪᠠᠷ ᠨᠣᠬᠠᠶ ᠶᠢᠨ ᠬᠤᠰᠢᠭᠤ ᠶᠢᠨ ᠡᠪᠡᠰᠦᠲᠦ ᠭᠠᠵᠠᠷ ᠢ ᠲᠠᠬᠢᠨ ᠲᠠᠷᠢᠵᠦ᠂ ᠭᠠᠵᠠᠷ ᠰᠢᠷᠣᠢ ᠶᠢᠨ ᠡᠷᠭᠢᠯᠲᠡ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ᠂ ᠨᠣᠬᠠᠶ ᠶᠢᠨ ᠬᠤᠰᠢᠭᠤ ᠶᠢᠨ ᠡᠪᠡᠰᠦ ᠤᠷᠭᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃       ᠲᠤᠤ ᠹᠧᠨ ᠱᠠᠨ ᠵᠢᠭᠠᠵᠤ ᠭᠠᠷᠭᠠᠭᠰᠠᠨ ᠨᠢ᠂ ᠭᠠᠵᠠᠷ ᠰᠢᠷᠣᠶ ᠶᠢᠨ ᠡᠷᠭᠢᠯᠲᠡ ᠶᠢᠨ ᠵᠠᠭᠪᠤᠷ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠭᠠᠵᠠᠷ ᠰᠢᠷᠣᠶ ᠶᠢᠨ ᠡᠷᠭᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠭᠠᠵᠠᠷ ᠰᠢᠷᠣᠶ ᠶᠢᠨ ᠡᠷᠭᠢᠯᠲᠡ ᠶᠢᠨ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠠᠷ ᠲᠠᠳᠠᠨ ᠣᠷᠣᠭᠤᠯᠵᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠤᠯᠠᠨ ᠲᠦᠮᠡᠨ ᠢ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠵᠦ ᠴᠢᠳᠠᠬᠤ ᠮᠥᠷᠲᠡᠭᠡᠨ ᠪᠠᠰᠠ ᠣᠶᠢᠷ᠎ᠠ ᠬᠠᠪᠢ ᠳᠠᠭᠠᠨ ᠠᠵᠢᠯ ᠣᠯᠵᠤ ᠠᠵᠢᠯ ᠬᠢᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠵᠦ ᠴᠢᠳᠠᠬᠤ ᠪᠣᠯᠭᠠᠬᠤ ᠬᠡᠷᠡᠭᠲᠡᠶ᠃       ᠲᠤᠤ ᠹᠧᠨ ᠱᠠᠨ ᠴᠢᠬᠤᠯᠠᠴᠢᠯᠠᠭᠰᠠᠨ ᠨᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠯ᠎ᠡ ᠲᠥᠷᠥᠯ ᠤᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ᠂ ᠭᠠᠵᠠᠷ ᠰᠢᠷᠣᠶ ᠶᠢ ᠰᠢᠯᠵᠢᠭᠦᠯᠬᠦ᠂ ᠲᠥᠷᠥᠯ ᠵᠦᠶ᠋ᠯ ᠢ ᠲᠥᠯᠥᠪᠵᠢᠭᠦᠯᠬᠦ᠂ ᠪᠥᠲᠥᠭᠡᠨ ᠪᠠᠶᠢᠭᠤᠯᠬᠤ ᠳᠤ ᠬᠦᠴᠦᠲᠡᠶ  ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠨᠴᠠᠯᠢᠬᠳᠤ ᠠᠵᠤ ᠦᠢᠯᠡᠰ ᠢ ᠰᠠᠶᠢᠲᠤᠷ ᠪᠤᠶᠢᠵᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠵᠢᠭᠦᠯᠵᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠢᠯᠠᠰ ᠴᠡᠭ ᠲᠠᠢ᠂ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠢᠷᠮᠠᠶᠢᠨ ᠡᠭᠦᠳᠴᠦ᠂ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ