ᠲᠥᠪ ᠲᠧᠯᠸᠢᠰ ᠤᠨ ︽ᠠᠯᠤᠰ ᠤᠨ ᠬᠡᠷ︾ ᠪᠤᠯᠤᠩ ᠤᠨ ᠰᠡᠭᠦᠳᠡᠷᠯᠡᠨ  ᠦᠢᠯᠡᠳᠬᠦ ᠳᠤᠭᠤᠶᠢᠯᠠᠩ ᠳ᠋ᠧᠩᠺᠸᠤ ᠰᠢᠶᠠᠨ ᠳᠤ ᠬᠦᠷᠴᠦ ᠰᠡᠭᠦᠳᠡᠷᠯᠡᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2022/11/18
      ᠣᠶᠢᠷ᠎ᠠ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠢᠲᠠᠳ ᠬᠡᠯᠡᠨ ᠤ ᠣᠯᠠᠨ ᠤᠯᠤᠰ ᠤᠨ ᠰᠤᠪᠠᠭ ᠤᠨ ︽ᠠᠯᠤᠰ ᠤᠨ ᠬᠡᠷ︾ ᠪᠤᠯᠤᠩ ᠤᠨ ᠵᠠᠭᠤᠨ ᠪᠦᠯᠦᠭᠲᠦ ᠰᠢᠷᠢᠰ ᠫᠷᠤᠭ᠍ᠷᠠᠮ ︽ᠬᠠᠲᠤᠨ ᠭᠤᠤᠯ ᠤᠨ ᠠᠶᠠᠯᠠᠯ︾ ᠰᠡᠭᠦᠳᠡᠷᠯᠡᠨ  ᠦᠢᠯᠡᠳᠬᠦ ᠳᠤᠭᠤᠶᠢᠯᠠᠩ ᠳ᠋ᠧᠩᠺᠸᠤ ᠰᠢᠶᠠᠨ ᠳᠤ ᠢᠷᠡᠵᠦ ᠵᠢᠷᠤᠭ ᠠᠪᠴᠤ ᠰᠡᠭᠦᠳᠡᠷᠯᠡᠵᠡᠶ᠃       ᠰᠡᠭᠦᠳᠡᠷᠯᠡᠨ ᠦᠢᠯᠡᠳᠬᠦ ᠳᠤᠭᠤᠶᠢᠯᠠᠩ ᠤᠨ ᠬᠢᠨ ᠰᠡᠭᠦᠳᠡᠷᠯᠡᠬᠦ ᠠᠭᠤᠯᠭ᠎ᠠ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠠᠷᠢᠨ ᠨᠢᠮᠪᠠᠢ ᠲᠤᠬᠢᠷᠠᠭᠤᠯᠵᠤ᠂ ᠭᠤᠣᠯᠳᠠᠭᠤ ᠱᠧᠩ ᠮᠦ ᠮᠠᠯ ᠠᠵᠤ ᠠᠬᠤᠢ᠂ ᠡᠪᠡᠰᠦᠨ ᠤ ᠦᠢᠯᠡᠰ᠂ ᠤᠯᠠᠭᠠᠨᠪᠤᠬ᠎ᠠ ᠶᠢᠨ ᠡᠯᠡᠰᠦᠨ ᠴᠦᠯ ᠤᠨ ᠦᠵᠦᠮ᠂ ᠰᠠᠨ ᠱᠧᠩ ᠬᠦᠩ ᠤᠨ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠵᠡᠷᠭᠡ ᠭᠠᠵᠠᠷ ᠤᠨ ᠲᠣᠭᠤᠷᠢᠨ ᠳᠤ ᠦᠵᠡᠮᠵᠢ ᠰᠣᠩᠭᠤᠨ ᠰᠡᠭᠦᠳᠡᠷᠯᠡᠵᠡᠢ᠃       ︽ᠠᠯᠤᠰ ᠤᠨ ᠬᠡᠷ︾ ᠪᠤᠯᠤᠩ ︽ᠬᠠᠲᠤᠨ ᠭᠤᠤᠯ ᠤᠨ ᠠᠶᠠᠯᠠᠯ︾ ᠰᠡᠭᠦᠳᠡᠷᠯᠡᠨ  ᠦᠢᠯᠡᠳᠬᠦ ᠳᠤᠭᠤᠶᠢᠯᠠᠩ ᠤᠨ ᠰᠤᠷᠪᠤᠯᠵᠢᠯᠠᠭᠴᠢ ᠲᠠᠩ ᠲᠢᠶᠠᠨ ᠵᠢᠶᠤᠤ ᠬᠡᠯᠡᠬᠦ ᠳᠡᠭᠡᠨ᠄ ︽ᠮᠠᠨ ᠤ ᠰᠡᠭᠦᠳᠡᠷᠯᠡᠨ  ᠦᠢᠯᠡᠳᠬᠦ ᠳᠤᠭᠤᠶᠢᠯᠠᠩ ᠤᠨ ᠬᠢᠨ ᠨᠢᠭᠡᠳᠦᠭᠡᠷ ᠥᠷᠲᠡᠭᠡ ᠳᠤ ᠳ᠋ᠧᠩᠺᠸᠤ ᠰᠢᠶᠠᠨ ᠳᠤ ᠢᠷᠡᠭᠰᠡᠨ ᠨᠢ ᠳ᠋ᠧᠩᠺᠸᠤ ᠰᠢᠶᠠᠨ ᠳᠤ ᠥᠪᠡᠷᠮᠢᠴᠡ ᠥᠩᠭᠡ ᠦᠵᠡᠮᠵᠢ ᠲᠠᠢ ᠪᠠᠶᠢᠭᠰᠠᠨ ᠠᠴᠠ ᠪᠣᠯᠵᠠᠶ᠂ ᠬᠠᠲᠤᠨ ᠭᠤᠤᠯ᠂ ᠡᠯᠡᠰᠦᠨ ᠴᠥᠯ᠂ ᠢᠯᠠᠩᠭᠤᠶ᠎ᠠ ᠡᠯᠡᠰᠦᠨ ᠴᠥᠯ ᠤᠨ ᠳᠤᠮᠳᠠᠬᠢ ᠨᠣᠭᠤᠭᠠᠨ ᠪᠦᠷᠢᠳᠦ ᠪᠠ ᠨᠠᠭᠤᠷ ᠴᠥᠭᠦᠷᠥᠮ ᠨᠢ ᠪᠢᠳᠡᠨ ᠳᠤ ᠭᠦᠨ ᠰᠠᠭᠤᠭᠳᠠᠯ ᠦᠯᠡᠳᠡᠭᠡᠭᠰᠡᠨ ᠶᠤᠮ᠃ ᠡᠨᠡ ᠤᠳᠠᠭ᠎ᠠ ᠳ᠋ᠧᠩᠺᠸᠤ ᠰᠢᠶᠠᠨ ᠳᠤ ᠢᠷᠡᠬᠦ ᠳᠡᠭᠡᠨ ᠪᠠᠰᠠ ᠰᠠᠨ ᠱᠧᠩ ᠬᠦᠩ ᠤᠨ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢ ᠭᠤᠣᠯᠳᠠᠯᠭ᠎ᠠ ᠲᠠᠢ ᠰᠡᠭᠦᠳᠡᠷᠯᠡᠵᠦ᠂ ᠪᠣᠷᠣᠲᠣᠬᠤᠢ ᠶᠢᠨ ᠠᠷᠠᠳ ᠲᠦᠮᠡᠨ ᠬᠡᠷᠬᠢᠨ ᠤᠶᠤᠨ ᠤᠬᠠᠭᠠᠨ ᠢᠶᠠᠨ ᠠᠰᠢᠭᠯᠠᠨ ᠬᠠᠳᠤᠨ ᠭᠤᠣᠯ ᠤᠨ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ ᠪᠠᠶᠢᠬᠤ ᠶᠢ ᠲᠡᠮᠳᠡᠭᠯᠡᠨ᠎ᠡ︾ ᠭᠡᠵᠡᠶ᠃       ᠣᠶᠢᠯᠠᠭᠠᠭᠰᠠᠨ ᠢᠶᠠᠷ᠂ ᠰᠡᠭᠦᠳᠡᠷᠯᠡᠨ  ᠦᠢᠯᠡᠳᠬᠦ ᠳᠤᠭᠤᠶᠢᠯᠠᠩ ᠤᠨ ᠲᠤᠯᠤᠭᠠᠨ ᠬᠥᠮᠦᠨ ᠳ᠋ᠧᠩᠺᠸᠤ ᠰᠢᠶᠠᠨ ᠳᠤ ᠨᠢᠭᠡ ᠭᠠᠷᠠᠭ ᠤᠨ ᠬᠤᠭᠤᠴᠠᠭ᠎ᠠ ᠲᠠᠢ ᠰᠡᠭᠦᠳᠡᠷᠯᠡᠬᠦ ᠶᠢᠨ ᠬᠠᠮᠲᠤ ᠨᠢᠭᠡ ᠪᠦᠯᠦᠭ ᠫᠷᠤᠭ᠍ᠷᠠᠮ  ᠦᠢᠯᠡᠳᠴᠦ᠂ ᠰᠡᠭᠦᠯᠴᠢ ᠶᠢᠨ ᠬᠤᠭᠤᠴᠠᠭᠠᠨ ᠤ  ᠦᠢᠯᠡᠳᠬᠡᠯ ᠢᠶᠠᠨ ᠬᠤᠶᠠᠷ ᠰᠠᠷ᠎ᠠ ᠶᠢᠨ ᠳᠠᠷᠠᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠣᠰ ᠤᠳᠠᠭᠠᠨ ᠤ ︽ᠠᠯᠤᠰ ᠤᠨ ᠬᠡᠷ︾ ᠪᠤᠯᠤᠩ ︽ᠬᠠᠲᠤᠨ ᠭᠤᠤᠯ ᠤᠨ ᠠᠶᠠᠯᠠᠯ︾ ᠤᠨ ᠳ᠋ᠧᠩᠺᠸᠤ ᠥᠷᠲᠡᠭᠡ ᠶᠢᠨ ᠨᠡᠪᠲᠡᠷᠡᠭᠦᠯᠭᠡ ᠨᠢ ᠪᠥᠬᠦ ᠤᠯᠤᠰ ᠲᠤ ᠳ᠋ᠧᠩᠺᠸᠤ ᠰᠢᠶᠠᠨ ᠤ ᠥᠪᠡᠷᠮᠢᠴᠡ ᠰᠡᠳᠬᠢᠯ ᠲᠠᠲᠠᠮ᠎ᠠ ᠪᠠᠶᠢᠳᠠᠯ ᠢ ᠦᠵᠡᠭᠦᠯᠬᠦ ᠪᠣᠯᠤᠨ᠎ᠠ᠃
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ