ᠳ᠋ᠧᠩᠺᠸᠤ ᠰᠢᠶᠠᠨ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2022/11/18
      9 ᠰᠠᠷ᠎ᠠ ᠶᠢᠨ 22 ᠤᠨ ᠡᠳᠦᠷ᠂ ᠳ᠋ᠧᠩᠺᠸᠤ ᠰᠢᠶᠠᠨ ᠤ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠰᠢᠶᠠᠨ ᠤ ᠹᠦ᠋ ᠶᠤᠸᠠᠨ ᠠᠭᠤᠳᠠᠮ ᠲᠠᠯᠠᠪᠠᠢ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠨᠢ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠡᠭᠦᠳᠴᠦ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ ᠡᠳ᠋ᠯᠡᠶ᠎ᠡ︾ ᠪᠠᠷ ᠭᠤᠣᠯ ᠰᠡᠳᠦᠪ ᠪᠣᠯᠭᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠾᠧ ᠴᠧᠩ ᠭᠠᠩ ᠨᠥᠬᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠢᠳᠡᠭᠡᠨ ᠤ ᠵᠦᠶ᠋ᠯ ᠡᠮ ᠤᠨ  ᠵᠦᠢᠯ ᠤᠨ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠬᠠᠨ ᠷᠦᠢ ᠨᠥᠬᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠰᠣᠶᠣᠯ ᠨᠥᠬᠦᠷ ᠲᠣᠰ ᠠᠵᠢᠯᠯᠠᠭ᠎ᠠ ᠳᠤ ᠣᠷᠣᠯᠴᠠᠵᠤ᠂ ᠰᠢᠶᠠᠨ ᠤ ᠢᠳᠡᠭᠡᠨ ᠤ  ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠭᠤᠤᠯ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ᠂ ᠢᠳᠡᠭᠡᠨ ᠤ  ᠵᠦᠢᠯ ᠡᠮ ᠤᠨ  ᠵᠦᠢᠯ ᠤᠨ ᠦᠶ᠋ᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠ ᠰᠣᠨᠢᠨ ᠮᠡᠳᠡᠭᠡᠨ ᠤ ᠨᠢᠭᠡᠴᠡ ᠶᠢᠨ ᠵᠠᠭᠤᠴᠢᠯᠠᠭᠤᠷ ᠤᠨ ᠰᠤᠷᠪᠤᠯᠵᠢᠯᠠᠭᠴᠢ ᠲᠣᠰ ᠠᠵᠢᠯᠯᠠᠭ᠎ᠠ ᠳᠤ ᠣᠷᠣᠯᠴᠠᠵᠠᠶ᠃       ᠳ᠋ᠧᠩᠺᠸᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠵᠠᠩ ᠵᠦᠩ ᠴᠤᠤ ᠨᠥᠬᠦᠷ ᠲᠤᠰ ᠤᠳᠠᠭ᠎ᠠ ᠶᠢᠨ ᠠᠵᠢᠯᠯᠠᠭ᠎ᠠ ᠶᠢ ᠡᠷᠬᠢᠯᠡᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠠᠨ ᠷᠦᠢ ᠨᠥᠬᠦᠷ ᠪᠠᠶᠠᠷ ᠤᠨ ᠦᠭᠡ ᠬᠡᠯᠡᠭᠰᠡᠨ ᠪᠥᠭᠡᠳ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠾᠧ ᠴᠧᠩ ᠭᠠᠩ ᠨᠥᠬᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠰᠣᠶᠣᠯ ᠨᠥᠬᠦᠷ ᠪᠥᠬᠦ ᠬᠤᠲᠠ ᠶᠢᠨ ᠲᠦᠷᠦᠭᠦᠤ ᠪᠦᠯᠦᠭ ᠬᠤᠤᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠡᠵᠡᠮᠳᠡᠬᠦ ᠴᠡᠭ ︵HACCP︶ ᠤᠨ ᠰᠢᠰᠲ᠋ᠧᠮ ᠤᠨ ᠭᠡᠷᠡᠴᠢᠯᠡᠯ ᠤᠨ ᠦᠨᠡᠮᠯᠡᠯ ᠣᠯᠤᠭᠰᠠᠨ ᠠᠵᠤ ᠠᠬᠤᠶᠢᠯᠠᠯ ᠤᠨ ᠳ᠋ᠧᠩᠺᠸᠤ ᠰᠢᠶᠠᠨ ᠤ ᠶᠢᠦ ᠢ ᠵᠣᠴᠢᠳ ᠪᠠᠭᠤᠳᠠᠯ᠂ ᠳ᠋ᠧᠩᠺᠸᠤ ᠰᠢᠶᠠᠨ ᠤ ᠲᠤᠷᠰᠢᠯᠲᠠ ᠶᠢᠨ ᠲᠣᠪᠴᠢᠶ᠎ᠠ ᠶᠢᠨ ᠬᠡᠤᠬᠡᠳ ᠤᠨ ᠴᠡᠴᠡᠷᠯᠢᠭ ᠲᠤ ᠦᠨᠡᠮᠯᠡᠯ ᠣᠯᠭᠤᠪᠠ᠃       ᠦᠨᠡᠮᠯᠡᠯ ᠣᠯᠤᠭᠰᠠᠨ ᠠᠵᠤ ᠠᠬᠤᠶᠢᠯᠠᠯ ᠤᠨ ᠳ᠋ᠧᠩᠺᠸᠤ ᠰᠢᠶᠠᠨ ᠤ ᠶᠢᠦ ᠢ ᠵᠣᠴᠢᠳ ᠪᠠᠭᠤᠳᠠᠯ ᠤᠨ ᠳᠠᠭᠠᠭᠠᠮᠠᠯ᠂ ᠳ᠋ᠧᠩᠺᠸᠤ ᠰᠢᠶᠠᠨ ᠤ ᠢᠳᠡᠭᠡᠨ ᠤᠮᠳᠠᠭᠠᠨ ᠤ ᠨᠡᠶᠢᠭᠡᠮᠯᠢᠭ ᠤᠨ ᠳᠠᠷᠤᠭ᠎ᠠ ᠾᠧ ᠶᠢᠤ ᠰᠢᠶᠠᠩ ᠨᠥᠬᠦᠷ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠳᠡᠭᠡᠭᠰᠢᠯᠡᠭᠦᠯᠬᠦ ᠰᠠᠨᠠᠭᠠᠴᠢᠯᠠᠭ᠎ᠠ ᠶᠢᠨ ᠦᠭᠡ ᠬᠡᠯᠡᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠯ᠎ᠡ ᠨᠢᠭᠡᠴᠡ ᠨᠦᠭᠦᠳ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠣᠯᠠᠨ ᠲᠦᠮᠡᠨ ᠤ ᠠᠰᠠᠭᠤᠨ ᠯᠠᠪᠯᠠᠭᠰᠠᠨ ᠢ ᠨᠠᠷᠢᠨ ᠨᠢᠮᠪᠠᠶ ᠬᠦᠯᠢᠴᠡᠩᠭᠦᠶ ᠪᠠᠷ ᠬᠠᠷᠢᠭᠤᠯᠤᠨ᠎ᠠ᠃       ᠲᠤᠬᠠᠶ ᠶᠢᠨ ᠲᠠᠯᠠᠪᠤᠷ ᠤᠨ ᠠᠵᠢᠯᠯᠠᠭ᠎ᠠ ᠳᠤ ︽ᠡᠷᠡᠭᠦᠯᠵᠢᠯ ᠤᠨ ᠢᠳᠡᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠮᠡᠳᠡᠯᠭᠡ ᠶᠢᠨ ᠠᠰᠠᠭᠤᠯᠲᠠ ᠬᠠᠷᠢᠭᠤᠯᠲᠠ᠂ ︽ᠢᠳᠡᠭᠡᠨ ᠤ ᠠᠮᠤᠷ ᠲᠦᠪᠰᠢᠨ ᠤ ᠬᠡᠷᠡᠭᠯᠡᠭᠡᠨ ᠤ ᠰᠡᠷᠡᠮᠵᠢᠯᠡᠭᠦᠯᠦᠯ︾ ᠵᠡᠷᠭᠡ ᠮᠠᠲ᠋ᠧᠷᠢᠶᠠᠯ ᠢ ᠨᠡᠶᠢᠲᠡ 1000 ᠭᠠᠷᠤᠶ ᠬᠤᠪᠢ ᠲᠠᠷᠬᠠᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠯᠠᠪᠯᠠᠯᠭ᠎ᠠ ᠶᠢ 23 ᠭᠠᠷᠤᠶ ᠬᠥᠮᠦᠨ ᠤᠳᠠᠭ᠎ᠠ ᠭᠥᠯᠢᠶᠡᠨ ᠠᠪᠴᠤ  ᠰᠢᠢᠳᠪᠦᠷᠢᠯᠡᠵᠡᠢ᠃       ᠹᠦ᠋ ᠶᠤᠸᠠᠨ ᠠᠭᠤᠳᠠᠮ ᠲᠠᠯᠠᠪᠠᠢ ᠶᠢᠨ ᠲᠤᠮᠤ ᠳᠡᠯᠭᠡᠴᠡ ᠪᠠᠷ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠬᠤ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠨᠡᠶᠢᠭᠡᠮ ᠲᠣᠭᠤᠷᠢᠭ ᠲᠤ ᠬᠦᠷᠴᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠲᠦᠮᠡᠨ ᠪᠣᠯᠤᠨ ᠢᠳᠡᠭᠡᠨ ᠤ ᠠᠮᠤᠷ ᠲᠦᠪᠰᠢᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠠᠢ᠃       ᠲᠠᠷᠠᠭᠠᠴᠢ ᠶᠢᠨ ᠠᠯᠬᠤᠮ ᠳᠤ᠂ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ︽ᠴᠢ ᠵᠢᠭᠠᠵᠤ ᠪᠢᠳᠡ ᠪᠠᠶᠢᠴᠠᠭᠠᠬᠤ︾ ︽ᠢᠳᠡᠭᠡᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢ ᠪᠠᠶᠠᠯᠢᠭᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠳᠤ ᠢᠳᠡᠪᠬᠢᠲᠡᠶ ᠣᠷᠣᠯᠴᠠᠬᠤ ᠶᠢ ᠰᠠᠨᠠᠭᠠᠴᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃     
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ