ᠸᠠᠩ ᡁᠢ ᠫᠢᠩ ᠳ᠋ᠧᠩᠺᠸᠤ ᠰᠢᠶᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/18
      9 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠳ᠋ᠧᠩᠺᠸᠤ ᠰᠢᠶᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠠᠳᠬᠤᠵᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᡁᠢ ᠫᠢᠩ ᠲᠦᠷᠭᠡᠨ ᠵᠠᠮ ᠤᠨ ᠠᠭᠤᠯᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶ᠋ᠯᠡᠴᠢᠯᠡᠭᠡᠨ ᠤ ᠴᠡᠭ ᠲᠤ ᠬᠦᠷᠴᠦ᠂ ︽ᠪᠣᠳᠠᠲᠠᠶᠢᠵᠢᠭᠤᠯᠤᠭᠰᠠᠨ ᠭᠠᠵᠠᠷ ᠤᠨ ᠪᠠᠶᠢᠴᠠᠭᠠᠯᠲᠠ︾ ᠶᠢᠨ ᠪᠣᠳᠠᠲᠠᠶ ᠶᠠᠪᠤᠴᠠ᠂ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠰᠡᠷᠭᠡᠶᠢᠯᠡᠨ ᠡᠵᠡᠮᠳᠡᠬᠦ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤ ᠲᠤᠰᠢᠶᠠᠨ ᠰᠢᠶ᠋ᠳᠪᠦᠷᠢᠯᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠦᠵᠦ ᠲᠥᠯᠥᠪᠯᠡᠭᠡ ᠶᠢ ᠴᠢᠩᠭᠠᠳᠬᠠᠵᠤ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠠᠯᠢ ᠶᠢ ᠨᠢ ᠴᠦ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ︽ᠪᠠᠶᠠᠨᠨᠠᠭᠤᠷ ᠤᠨ ᠡᠷᠡᠭᠦᠯ ᠮᠡᠨᠳᠦ ᠶᠢᠨ ᠡᠷᠳᠡᠨᠢ︾ ᠶᠢᠨ ᠺᠣᠳ᠋ ᠰᠢᠷᠪᠢᠬᠦ ᠵᠢᠴᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠪᠠ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠶᠢ ᠰᠠᠶᠢᠲᠤᠷ ᠬᠢᠵᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ︽ᠨᠢᠭᠡ ᠮᠧᠳ᠋ᠷ ᠤᠨ ᠱᠤᠭᠤᠮ︾ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃ ᠡᠭᠦᠨ ᠤ ᠵᠡᠷᠭᠡ ᠳᠤ ᠲᠡᠷᠡ ᠪᠠᠰᠠ ᠬᠤᠯᠪᠣᠭᠳᠠᠯ ᠪᠥᠬᠦᠶ ᠠᠵᠢᠯᠲᠠᠳ ᠲᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠶ ᠭᠡᠵᠦ ᠵᠠᠬᠢᠵᠠᠶ᠃       ᠳ᠋ᠧᠩᠺᠸᠤ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡᠨ ᠤ ᠲᠥᠪ ᠲᠤ᠂ ᠸᠠᠩ ᡁᠢ ᠫᠢᠩ ᠭᠤᠣᠯᠳᠠᠯᠭ᠎ᠠ ᠲᠠᠢ ᠬᠦᠷᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠤᠬᠢᠷᠠᠭᠤᠯᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠨᠢᠭᠤᠷᠳᠠᠨ ᠬᠦᠯᠢᠶᠡᠨ ᠠᠪᠴᠤ᠂ ᠲᠡᠳᠡᠨ ᠤ ᠲᠤᠰᠬᠠᠭᠰᠠᠨ ᠠᠰᠠᠭᠤᠳᠠᠯ ᠪᠣᠯᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠣᠯᠤᠨ ᠠᠷᠭ᠎ᠠ ᠶᠢ ᠳᠤᠷᠠᠳᠴᠠᠢ᠃ ᠸᠠᠩ ᡁᠢ ᠫᠢᠩ᠂ ᠵᠠᠬᠢᠳᠠᠯ ᠰᠤᠷᠪᠤᠯᠵᠢᠯᠠᠭ᠎ᠠ ᠪᠣᠯ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠶᠣᠰᠣᠭᠠᠷ᠂ ᠭᠦᠨᠵᠡᠭᠡᠢ ᠰᠤᠳᠤᠯᠤᠨ ᠮᠠᠭᠠᠳᠯᠠᠬᠤ᠂ ᠪᠠᠶᠢᠷᠢ ᠰᠣᠯᠢᠵᠤ ᠰᠡᠳᠬᠢᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠸᠠᠩ ᡁᠢ ᠫᠢᠩ ᠪᠠᠰᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠳ᠋ᠧᠩᠺᠸᠤ ᠰᠢᠶᠠᠨ ᠤ ᠪᠤᠯᠤᠩᠨᠠᠭᠤᠷ ᠪᠠᠯᠭᠠᠰᠤᠨ ᠤ ᠰᠢᠨ ᠾᠧ ᠲᠣᠰᠬᠤᠨ ᠳᠤ ᠬᠦᠷᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠵᠡᠷᠭᠡ ᠤᠴᠢᠷ ᠶᠠᠪᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠬᠥᠭᠵᠢᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ