ᠶᠢᠨ ᠮᠠ ᠬᠤ᠋ ᠨᠠᠭᠤᠷ ᠤᠨ ᠬᠥᠪᠡᠭᠡᠨ ᠳᠤ ︽ᠲᠠᠩᠰᠤᠭ︾ ᠦᠵᠡᠮᠵᠢ ​ ᠪᠦᠷᠢᠳᠦᠨ᠎ᠡ
ᠨᠡᠶᠢᠲᠡᠯᠡᠭᠰᠡᠨ ᠴᠠᠭ᠄
2022/11/18
      ᠠᠯᠲᠠᠨ ᠨᠠᠮᠤᠷ ᠤᠨ ᠤᠯᠠᠷᠢᠯ ᠳᠤ᠂ ᠭᠤᠸᠠ ᠵᠢᠮᠢᠰ ᠠᠩᠬᠢᠯᠤᠮ᠎ᠠ ᠦᠨᠦᠷ ᠬᠠᠩᠬᠤᠯᠤᠨ᠎ᠠ᠃ 9 ᠰᠠᠷ᠎ᠠ ᠶᠢᠨ 23 ᠤ ᠡᠳᠦᠷ᠂ ᠳ᠋ᠧᠩᠺᠸᠤ ᠰᠢᠶᠠᠨ ᠤ 2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠪᠥᠬᠦ ᠰᠢᠶᠠᠨ ᠤ ᠮᠠᠯᠴᠢᠨ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠯᠦᠩ ᠱᠧᠩ ᠾᠧ ᠪᠠᠯᠭᠠᠰᠤᠨ ᠤ ᠶᠢᠨ ᠮᠠ ᠵᠢᠭᠠᠰᠤᠴᠢᠨ ᠤ ᠲᠣᠰᠬᠤᠨ ᠳᠤ ᠡᠬᠢᠯᠡᠪᠡ᠃       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠴᠧᠨ ᠬᠥᠩ ᠮᠢᠩ ᠡᠬᠢᠯᠡᠬᠦ ᠶᠣᠰᠣᠯᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠢ ᡁᠢ ᠰᠢᠶᠦ᠋ᠩ᠂ ᠴᠢᠨ ᠰᠢᠶᠠ᠂ ᠶᠠᠨ ᠶᠦᠩ ᠱᠧᠩ᠂ ᠮᠧᠩ ᠯᠧ ᠂ ᠰᠢ ᠡᠯ ᠰᠧ᠂ ᠵᠠᠩ ᠹᠸᠢ ᠨᠡᠷ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠥᠩ ᠵᠢᠶᠠᠨ ᠭᠠᠩ ᠪᠠᠶᠠᠷ ᠤᠨ ᠦᠭᠡ ᠬᠡᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠲᠤᠤ ᠹᠧᠨ ᠱᠠᠨ ᠡᠬᠢᠯᠡᠬᠦ ᠶᠣᠰᠣᠯᠠᠯ ᠢ ᠡᠷᠭᠢᠯᠡᠵᠡᠶ᠃       ᠴᠧᠨ ᠭᠦᠩ ᠮᠢᠩ ᠳ᠋ᠧᠩᠺᠸᠤ ᠰᠢᠶᠠᠨ ᠤ 2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠪᠦᠬᠦ ᠰᠢᠶᠠᠨ ᠤ ᠮᠠᠯᠴᠢᠨ ᠲᠠᠷᠢᠶᠠᠴᠢᠨ ᠤ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠳ᠋ᠧᠩᠺᠸᠤ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠳᠤ ᠬᠤᠪᠢ ᠨᠡᠮᠡᠷᠢ ᠦᠵᠡᠭᠦᠯᠦᠭᠰᠡᠨ ᠳ᠋ᠧᠩᠺᠸᠤ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠴᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠣᠯᠯᠠᠨ ᠡᠷᠬᠢᠯᠡᠬᠦ ᠪᠠᠩᠬᠢ︾ ᠣᠯᠭᠤᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠭᠰᠠᠨ ᠰᠢᠯᠢᠳᠡᠭ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠮᠤ ᠪᠤᠳᠠᠭ᠎ᠠ ᠲᠠᠷᠢᠬᠤ ᠲᠤᠮᠤ ᠡᠷᠦᠬᠡ᠂ ᠭᠤᠸᠠ ᠲᠠᠷᠢᠬᠤ ᠴᠢᠳᠠᠪᠤᠷᠢᠲᠠᠨ᠂ ᠡᠪᠡᠰᠦ ᠲᠠᠷᠢᠬᠤ ᠲᠤᠮᠤ ᠡᠷᠦᠬᠡ᠂ ᠵᠢᠭᠠᠰᠤ ︵ᠨᠠᠶᠢᠮᠠᠯᠵᠢ︶ ᠲᠡᠵᠢᠭᠡᠬᠦ ᠴᠢᠳᠠᠪᠤᠷᠢᠲᠠᠨ ᠢ ᠬᠥᠬᠢᠭᠦᠯᠦᠨ ᠱᠠᠩᠨᠠᠪᠠ᠃       ᠳ᠋ᠧᠩᠺᠸᠤ ᠰᠢᠶᠠᠨ ᠤ ᠲᠠᠷᠢᠶᠠᠯᠠᠩ ᠤᠨ ᠪᠣᠯᠪᠠᠰᠤᠨ ᠲᠡᠦᠬᠡ ᠥᠨᠢ ᠤᠳᠠᠭᠠᠨ ᠪᠠᠶᠢᠵᠤ᠂ ᠲᠠᠷᠢᠶᠠᠯᠠᠩ ᠤᠨ ᠡᠬᠢ ᠪᠠᠶᠠᠯᠢᠭ ᠤᠯᠠᠨ ᠠᠴᠠ ᠣᠨᠴᠠᠭᠠᠢ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠤᠯᠲᠠ ᠴᠡᠴᠡᠭᠯᠡᠨ ᠬᠥᠭᠵᠢᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠡᠬᠡᠪᠡᠷ ᠨᠡᠮᠡᠭᠳᠡᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠨᠢᠭᠡᠨᠲᠡ ᠥᠷᠨᠢᠩᠭᠦᠢ ᠬᠥᠭᠵᠢᠯᠲᠡ ᠶᠢᠨ ᠲᠦᠷᠭᠡᠨ ᠵᠠᠮ ᠳᠤ ᠣᠷᠣᠪᠠ᠃ ᠠᠯᠢ ᠤᠯᠠᠨ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠥᠨᠳᠥᠷ ᠲᠠᠭᠠᠯᠳᠠ ᠦᠢᠯᠡᠳᠬᠦᠨ ᠤ ᠦᠷᠳᠡᠭ ᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠤᠯᠠᠨ ᠤ ︽ᠰᠠᠶᠢᠨ ᠴᠠᠭ ᠦᠶ᠎ᠡ ᠶᠢ ᠠᠮᠵᠢᠵᠤ᠂ ᠰᠠᠶᠢᠨ ᠠᠮᠢᠳᠤᠷᠠᠯ ᠢ ᠡᠳ᠋ᠯᠡᠬᠦ︾ ᠡᠷᠴᠢ ᠵᠣᠷᠢᠭ ᠢ ᠬᠥᠭᠵᠢᠭᠡᠵᠦ᠂ ᠮᠠᠯ ᠠᠵᠤ ᠠᠬᠤᠢ ᠲᠠᠷᠢᠶᠠᠯᠠᠩ ᠢ ᠦᠨᠡᠨᠬᠦ ᠬᠦᠰᠡᠯ ᠡᠷᠡᠮᠡᠯᠵᠡᠯ ᠲᠠᠢ᠂ ᠦᠵᠡᠮᠦᠷᠢ ᠲᠠᠢ᠂ ᠠᠰᠢᠭ ᠬᠤᠨᠵᠢᠪᠣᠷᠢ ᠲᠠᠢ᠂ ᠶᠠᠷᠢᠶ᠎ᠠ ᠲᠠᠢ ᠪᠣᠯᠭᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠢ ᠦᠷᠭᠦᠯᠵᠢᠯᠡᠨ ᠠᠩᠬᠠᠷᠴᠤ᠂ ᠬᠥᠳᠡᠭᠡ ᠲᠣᠰᠬᠤᠨ ᠢ ᠬᠠᠯᠠᠮᠵᠢᠯᠠᠵᠤ᠂ ᠲᠠᠷᠢᠶᠠᠴᠢᠳ ᠢ ᠬᠠᠯᠠᠮᠵᠢᠯᠠᠨ ᠬᠠᠶᠢᠷᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠨ᠎ᠡ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠰᠢᠶᠠᠨ ᠤ ᠡᠯ᠎ᠡ ᠰᠤᠮᠤ ᠪᠠᠯᠭᠠᠰᠤ ᠪᠣᠯᠤᠨ ᠲᠠᠷᠢᠶᠠᠯᠠᠩ ᠤᠨ ᠲᠠᠯᠠᠪᠠᠢ ᠶᠢᠨ ᠺᠣᠮᠫᠠᠨᠢ ᠶᠢᠨ ᠠᠪᠴᠢᠷᠠᠭᠰᠠᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠨᠢ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃ ᠠᠯᠲᠠᠨ ᠰᠢᠷᠭᠠᠯ ᠡᠷᠳᠡᠨᠢ ᠰᠢᠰᠢ᠂ ᠥᠩᠭᠡ ᠪᠦᠷᠢ ᠶᠢᠨ ᠥᠩᠭᠡᠲᠦ ᠴᠢᠨᠵᠤᠤ᠂ ᠠᠩᠬᠢᠯᠤᠮ᠎ᠠ ᠦᠨᠦᠷ ᠲᠠᠢ ᠭᠤᠸᠠ ᠵᠢᠮᠢᠰ ᠨᠢ ᠨᠡᠷᠡᠨ ᠤ ᠬᠡᠷᠡᠯ ᠳᠤ ᠨᠢᠳᠦ ᠪᠤᠯᠢᠶᠠᠮ᠎ᠠ ᠥᠩᠭᠡ ᠢᠯᠭᠠᠷᠠᠨ᠂ ᠡᠯᠪᠡᠭ ᠬᠤᠷᠢᠶᠠᠯᠲᠠ ᠶᠢᠨ ᠪᠠᠶᠠᠷ ᠤᠨ ᠵᠢᠷᠤᠭ ᠲᠥᠰᠦᠪ ᠤᠳ ᠢ ᠪᠦᠷᠢᠯᠳᠦᠭᠦᠯᠦᠭᠰᠡᠨ ᠪᠠᠶᠢᠨ᠎ᠠ᠃       ᠵᠤᠭᠠᠴᠠᠭᠴᠢ ᠵᠠᠩ ᠠᠪᠠᠭ᠋ᠠᠢ ᠬᠡᠯᠡᠭᠰᠡᠨ ᠨᠢ ᠥᠨᠥᠳᠦᠷ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠬᠤ ᠪᠠᠷ ᠢᠷᠡᠭᠰᠡᠨ ᠳᠤ ᠮᠠᠰᠢ ᠪᠠᠶᠠᠷᠲᠠᠢ ᠪᠠᠶᠢᠨ᠎ᠠ᠂ ᠡᠯ᠎ᠡ ᠵᠦᠢᠯ ᠤᠨ ᠠᠮᠲᠠᠲᠤ ᠢᠳᠡᠭᠡᠨ ᠢ ᠠᠮᠲᠠᠯᠠᠵᠤ ᠦᠵᠡᠯ᠎ᠡ᠂ ᠲᠡᠷᠡ ᠴᠡᠴᠡᠭ ᠤᠨ ᠳᠡᠯᠪᠢᠲᠦ ᠮᠠᠨᠲᠠᠤ ᠨᠠᠳᠠ ᠳᠤ ᠲᠠᠭᠠᠯᠠᠭᠳᠠᠯ᠎ᠠ᠂ ᠮᠠᠰᠢ ᠣᠨᠴᠠᠯᠢᠭ ᠲᠠᠢ ᠶᠤᠮ ᠪᠠᠶᠢᠨ᠎ᠠ᠃       ᠨᠠᠭᠤᠷ ᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠷᠤᠯᠳᠤᠭᠠᠨ ᠤ ᠳᠤᠮᠳᠠ ᠶᠢᠨ ᠮᠠ ᠬᠤ᠋ ᠨᠠᠭᠤᠷ ᠤᠨ ᠵᠠᠮ ᠳᠠᠭᠠᠤ ᠶᠢᠨ ᠦᠵᠡᠮᠵᠢ ᠶᠢ ᠰᠣᠨᠢᠷᠬᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠮᠡᠳᠡᠷᠡᠨ᠎ᠡ᠃ ᠳᠤᠭᠤᠶ ᠤᠨᠤᠬᠤ ᠳᠤᠷᠠᠲᠠᠶ ᠭᠦᠸᠧ ᠠᠪᠠᠭ᠋ᠠᠶ᠄ ︽ᠠᠩᠬ᠎ᠠ ᠤᠳᠠᠭ᠎ᠠ ᠨᠠᠭᠤᠷ ᠢ ᠲᠣᠭᠤᠷᠢᠭᠰᠠᠨ ᠳᠤᠭᠤᠶ ᠲᠡᠷᠭᠡᠨ ᠤ ᠠᠶᠠᠯᠠᠯ ᠳᠤ ᠣᠷᠣᠯᠴᠠᠯ᠎ᠠ᠂ ᠡᠨᠡ ᠨᠢ ᠳ᠋ᠧᠩᠺᠸᠤ ᠰᠢᠶᠠᠨ ᠤ ᠵᠠᠭᠤᠨ ᠨᠠᠭᠤᠷ ᠤᠨ ᠨᠤᠲᠤᠭ ᠪᠠᠭ᠋ᠠᠷᠠᠮ᠎ᠠ ᠲᠠᠲᠠᠭᠰᠠᠨ ᠳ᠋ᠧᠩᠺᠸᠦ ᠶᠢᠨ ᠴᠤᠭ ᠵᠢᠪᠬᠤᠭ᠎ᠠ ᠶᠢ ᠣᠶᠢᠯᠠᠭᠠᠭᠰᠠᠨ ᠢᠶᠠᠷ ᠪᠠᠷᠠᠬᠤ ᠥᠬᠡᠶ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠴᠤ ᠮᠡᠳᠡᠷᠡᠭᠰᠡᠨ ᠶᠤᠮ︾ ᠭᠡᠵᠡᠶ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠬᠤᠶᠠᠷ ᠡᠳᠦᠷ ᠶᠠᠪᠤᠭᠳᠠᠵᠤ᠂ ᠤᠷᠠᠨ ᠰᠠᠶᠢᠬᠠᠨ ᠤ ᠲᠣᠭᠯᠠᠯᠲᠠ᠂ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠪᠦᠲᠦᠭᠡᠭᠳᠡᠬᠦᠨ ᠤ ᠦᠵᠡᠭᠦᠯᠦᠯᠭᠡ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ᠂ ᠬᠥᠳᠡᠭᠡ ᠲᠣᠰᠬᠤᠨ ᠤ ᠠᠮᠲᠠᠲᠤ ᠢᠳᠡᠭᠡᠨ ᠢ ᠠᠮᠲᠠᠯᠠᠬᠤ ᠵᠢᠴᠢ ᠨᠠᠭᠤᠷ ᠲᠣᠭᠤᠷᠢᠨ ᠳᠤᠭᠤᠶ ᠤᠨᠤᠬᠤ᠂ ᠢᠳᠡᠷᠡᠭᠦᠨ ᠠᠯᠬᠤᠬᠤ᠂ ᠵᠢᠭᠠᠰᠤ ᠪᠠᠷᠢᠬᠤ᠂ ᠭᠠᠯᠠᠭᠤ ᠲᠣᠬᠤᠬᠤ ᠵᠡᠷᠭᠡ ᠰᠣᠨᠢᠷᠬᠠᠯᠲᠠᠶ ᠠᠵᠢᠯᠯᠠᠭ᠎ᠠ ᠪᠠᠶᠢᠵᠤ᠂ ᠡᠯᠪᠡᠭ ᠬᠤᠷᠢᠶᠠᠯᠲᠠ ᠶᠢ ᠪᠡᠯᠭᠡᠯᠡᠬᠦ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠰᠢᠶᠠᠨ ᠤ ᠮᠠᠯᠴᠢᠨ ᠲᠠᠷᠢᠶᠠᠴᠢᠨ ᠤ ᠰᠢᠨ᠎ᠡ ᠠᠮᠢᠳᠤᠷᠠᠯ ᠢᠶᠠᠨ ᠬᠠᠶᠢᠷᠠᠯᠠᠬᠤ᠂ ᠰᠢᠨ᠎ᠡ ᠢᠷᠡᠭᠡᠳᠦᠶ ᠪᠠᠨ ᠴᠣᠭᠴᠠᠯᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃       ᠯᠦᠩ ᠱᠧᠩ ᠾᠧ ᠪᠠᠯᠭᠠᠰᠤᠨ ᠤ ᠾᠧ ᠲᠤᠩ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠲᠣᠰᠬᠤᠨ ᠤ ᠠᠷᠠᠳ ᠱᠢ ᠱᠤᠸᠠᠢ ᠶᠤᠸᠠᠨ᠄ ︽ᠡᠨᠡ ᠤᠳᠠᠭ᠎ᠠ ᠶᠢᠨ ᠡᠯᠪᠡᠭ ᠬᠤᠷᠢᠶᠠᠯᠲᠠ ᠶᠢᠨ ᠪᠠᠶᠠᠷ ᠵᠢᠴᠢ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠨᠠᠮ ᠪᠣᠯᠤᠨ ᠵᠠᠰᠠᠭ ᠤᠨ ᠣᠷᠳᠣᠨ ᠠᠴᠠ ᠮᠠᠨ ᠤ ᠮᠠᠯᠴᠢᠨ ᠲᠠᠷᠢᠶᠠᠴᠢᠨ ᠢ ᠬᠦᠨᠳᠦᠳᠬᠡᠵᠦ ᠪᠠᠶᠢᠬᠤ ᠶᠢ ᠬᠠᠷᠠᠭᠤᠯᠵᠤ᠂ ᠪᠠᠰᠠ ᠮᠠᠨ ᠤ ᠮᠠᠯᠴᠢᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠢᠯᠡᠳᠬᠡᠵᠡᠢ︾ ᠭᠡᠵᠦ ᠬᠡᠯᠡᠪᠡ᠃       ᠣᠶᠢᠷ᠎ᠠ ᠶᠢᠨ ᠵᠢᠯ ᠠᠴᠠ᠂ ᠳ᠋ᠧᠩᠺᠸᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠲᠣᠭᠲᠠᠭᠤᠨ ᠢᠶᠠᠷ ᠠᠬᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠠᠯᠬᠤᠮ ᠠᠯᠬᠤᠮ ᠢᠶᠠᠷ ᠳᠡᠭᠡᠭᠰᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠦᠬᠦ ᠲᠠᠯ᠎ᠠ ᠪᠠᠷ ᠰᠠᠶᠢᠵᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠡᠯᠪᠡᠭ ᠪᠠᠶᠠᠯᠢᠭ ᠲᠠᠩᠰᠤᠭ ᠰᠠᠶᠢᠬᠠᠨ᠂ ᠥᠭᠡᠳᠡᠯᠡᠨ ᠲᠠᠪᠰᠢᠬᠰᠠᠨ ᠰᠠᠶᠢᠨ ᠰᠠᠶᠢᠬᠠᠨ ᠵᠢᠷᠤᠭ ᠢ ᠵᠢᠷᠤᠭᠯᠠᠨ᠎ᠠ᠃   
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ