ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠤᠬᠠᠢ ᠶᠢᠨ ᠲᠠᠯᠠᠪᠠᠶ ᠳᠤ ᠬᠦᠷᠴᠦ ᠠᠯᠪᠠᠯᠠᠪᠠ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/11/23
      11 ᠰᠠᠷ᠎ᠠ ᠶᠢᠨ 20 ᠤ ᠦᠳᠡ ᠶᠢᠨ ᠬᠤᠶᠢᠨ᠎ᠠ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠤ ᠬᠦᠷᠴᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠪᠠ᠃       ᠤᠯᠠᠨ ᠢᠶᠠᠷ ᠢᠶᠠᠨ᠂ ᠣᠶᠢᠷ᠎ᠠ ᠶᠢᠨ ᠬᠤᠭᠤᠴᠠᠭᠠᠨ ᠤ ᠴᠢᠷᠮᠠᠶᠢᠯᠭ᠎ᠠ ᠪᠠᠷ ᠲᠠᠮᠵᠢᠨ ᠭᠦᠭᠡᠬᠤᠲᠠ ᠶᠢᠨ ᠬᠢᠵᠢᠭ ᠤᠨ ᠪᠠᠶᠢᠳᠠᠯ ᠨᠠᠮᠳᠠᠬᠤ ᠬᠠᠨᠳᠤᠰᠢ ᠲᠠᠢ ᠪᠣᠯᠵᠤ᠂ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠤᠪᠢᠷᠠᠯᠲᠠ ᠪᠠ ᠦᠷ᠎ᠡ ᠪᠦᠲᠦᠮᠵᠢ ᠣᠯᠪᠠ᠃ ᠡᠨᠡ ᠬᠡᠳᠦᠨ ᠡᠳᠦᠷ ᠶᠠᠭ ᠤᠷᠤᠭᠰᠢᠯᠠᠬᠤ ᠦᠭᠡᠢ ᠪᠣᠯ ᠤᠬᠤᠷᠢᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠠᠯᠳᠠᠰᠢ ᠭᠠᠷᠭᠠᠬᠤ ᠳᠤ ᠭᠦᠷᠪᠠᠯ ᠥᠩᠭᠡᠷᠡᠭᠰᠡᠨ ᠤ ᠴᠢᠷᠮᠠᠶᠢᠯᠭ᠎ᠠ ᠲᠠᠯᠠᠭᠠᠷ ᠪᠣᠯᠣᠨ᠎ᠠ᠃ ᠶᠡᠷᠦᠩᠬᠡᠢ ᠳᠤᠨᠢ ᠠᠪᠴᠤ ᠦᠵᠡᠪᠡᠯ᠂ ᠨᠢᠭᠡᠨᠲᠡ ᠶᠡᠷᠦᠩᠬᠡᠢ ᠳᠠᠭᠠᠷᠢᠯᠲᠠ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ ᠨᠥᠬᠦᠴᠡᠯ ᠢ ᠪᠦᠷᠢᠯᠳᠦᠭᠦᠯᠪᠡ᠃ ᠪᠢᠳᠡ ᠥᠷᠭᠡᠨ ᠣᠯᠠᠨ ᠠᠷᠠᠳ ᠲᠦᠮᠡᠨ ᠲᠠᠢ ᠬᠠᠮᠲᠤ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠨ᠂ ᠰᠢᠳᠦ ᠵᠠᠭᠤᠨ ᠲᠡᠰᠪᠦᠷᠢᠯᠡᠨ᠂ ᠭᠦᠭᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠳᠠᠷᠤᠢ ᠲᠦᠷᠭᠡᠨ ᠣᠯᠬᠤ ᠬᠡᠷᠡᠭᠲᠡᠢ ᠭᠡᠵᠦ ᠦᠵᠡᠵᠡᠭᠡᠪᠡ᠃       ᠰᠦᠨ ᠱᠤᠤ ᠴᠧᠩ᠂ ᠠᠷᠠᠳ ᠤᠯᠠᠨ ᠤ ᠠᠮᠢᠳᠤᠷᠠᠯ ᠳᠤ ᠲᠦᠭᠦᠮ ᠦᠵᠡᠭᠦᠯᠭᠦ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠷᠭ᠎ᠠ ᠬᠡᠮᠵᠢᠶ᠎ᠡ ᠠᠪᠴᠤ᠂ ᠣᠨᠣᠴᠠᠲᠠᠢ ᠰᠡᠷᠭᠡᠶᠢᠯᠡᠨ ᠡᠵᠡᠮᠳᠡᠭᠰᠡᠨ ᠰᠠᠭᠤᠷᠢᠨ ᠳᠡᠭᠡᠷ᠎ᠡ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠵᠦ ᠲᠠᠶᠢᠯᠭᠦ ᠶᠢ ᠨᠢ ᠴᠢᠳᠠᠬᠤ ᠶᠢᠨ ᠬᠢᠷᠢ ᠪᠠᠷ ᠴᠥᠮ ᠴᠢᠯᠦᠭᠡᠲᠡᠢ ᠲᠠᠯᠪᠢᠵᠤ᠂ ᠰᠠᠶᠢᠲᠤᠷ ᠬᠠᠮᠢᠶᠠᠷᠴᠤ ᠲᠠᠶᠢᠯᠭᠦ ᠦᠭᠡᠢ ᠠᠴᠠ ᠪᠠᠨ ᠠᠶᠤᠭᠠᠳ ᠴᠢᠯᠦᠭᠡᠲᠡᠢ ᠲᠠᠯᠪᠢᠬᠤ ᠵᠣᠷᠢᠭ ᠦᠭᠡᠢ ᠪᠠᠶᠢᠵᠤ ᠪᠤᠯᠬᠤ ᠦᠭᠡᠢ ᠮᠥᠷᠲᠡᠭᠡᠨ ᠥᠡᠭᠭᠡᠨ ᠲᠡᠳᠦᠢ ᠲᠠᠯᠪᠢᠵᠤ ᠪᠤᠯᠬᠤ ᠦᠭᠡᠢ᠃ ᠲᠦᠷᠭᠡᠨ ᠬᠦᠷᠭᠡᠯᠲᠡ ᠶᠢᠨ ᠠᠵᠢᠯ ᠲᠥᠷᠥᠯ ᠢ ᠲᠦᠷᠭᠡᠨ ᠠᠵᠢᠯᠯᠠᠭᠤᠯᠵᠤ᠂ ᠨᠠᠩ ᠣᠯᠠᠨ ᠵᠢᠵᠢᠭ ᠬᠤᠳᠠᠯᠳᠤᠭᠠᠴᠢᠨ ᠵᠢᠵᠢᠭ ᠮᠠᠶᠢᠮᠠᠶᠢᠴᠢᠨ ᠤ ᠡᠵᠡᠩᠨᠡᠯᠲᠡ ᠶᠢ ᠡᠬᠢᠯᠡᠭᠦᠯᠵᠦ᠂ ᠬᠤᠲᠠ ᠠᠴᠠ ᠣᠷᠣᠵᠤ ᠭᠠᠷᠬᠤ ᠵᠠᠮ ᠬᠠᠷᠢᠯᠴᠠᠭ᠎ᠠ ᠶᠢ ᠡᠷᠲᠡᠬᠡᠨ ᠰᠠᠭᠠᠳ ᠦᠭᠡᠢ ᠨᠡᠪᠲᠡᠷᠡᠭᠦᠯᠬᠦ ᠶᠢ ᠠᠬᠢᠭᠤᠯᠵᠤ᠂ ᠪᠦᠭᠦ ᠬᠤᠲᠠ ᠶᠢᠨ ᠬᠥᠭᠵᠢᠶᠡᠨ ᠨᠠᠷᠭᠢᠶᠠᠨ ᠪᠠ ᠠᠮᠢᠵᠢᠷᠠᠯ ᠤᠨ ᠬᠦᠴᠦᠨ ᠢ ᠰᠡᠷᠭᠦᠭᠡᠬᠦ ᠬᠡᠷᠡᠭᠲᠡᠢ᠃ ᠬᠠᠩᠭᠠᠯᠭ᠎ᠠ ᠶᠢᠨ ᠬᠡᠯᠬᠢᠶ᠎ᠡ ᠪᠣᠯᠣᠨ ᠪᠡᠯᠡ ᠮᠥᠩᠭᠦᠨ ᠤ ᠬᠡᠯᠬᠢᠶ᠎ᠡ ᠶᠢᠨ ᠲᠠᠯ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠭᠦ ᠬᠡᠷᠡᠭᠲᠡᠢ᠃ ᠴᠢᠯᠦᠭᠡᠲᠡᠢ ᠲᠠᠯᠪᠢᠬᠤ ᠶᠢᠨ ᠤᠷᠢᠲᠠᠯ ᠪᠣᠯ ᠬᠠᠮᠢᠶᠠᠷᠴᠤ ᠴᠢᠳᠠᠬᠤ ᠶᠠᠪᠤᠳᠠᠯ ᠪᠣᠯᠣᠨ᠎ᠠ᠂ ᠬᠠᠮᠢᠶᠠᠷᠪᠠᠯ ᠵᠣᠬᠢᠬᠤ ᠶᠢ ᠨᠢ ᠡᠷᠬᠡᠪᠰᠢ ᠲᠤᠭᠤᠰᠢᠲᠠᠢ ᠬᠠᠮᠢᠶᠠᠷᠴᠤ᠂ ᠠᠯᠳᠠᠰᠢ ᠭᠠᠷᠭᠠᠵᠤ ᠪᠤᠯᠬᠤ ᠦᠭᠡᠢ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠢᠨ ᠳᠡᠭᠡᠷ᠎ᠡ ᠨᠢ ᠦᠢᠯᠡᠴᠢᠯᠡᠵᠦ ᠬᠠᠮᠢᠶᠠᠷᠬᠤ ᠶᠢ ᠪᠠᠷᠢᠮᠲᠠᠯᠠᠵᠤ᠂ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠲᠤ ︽ᠣᠷᠣᠬᠤ︾ ᠶᠢ ᠴᠢᠩᠭ᠎ᠠ ᠬᠠᠮᠢᠶᠠᠷᠴᠤ᠂ ᠥᠨᠳᠥᠷ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠠᠴᠠ ︽ᠭᠠᠷᠬᠤ︾ ᠶᠢ ᠴᠢᠩᠭ᠎ᠠ ᠬᠠᠮᠢᠶᠠᠷᠴᠤ᠂ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠵᠦ᠂ ᠣᠨᠴᠠ ᠵᠠᠷᠢᠮ ᠣᠨᠴᠠᠭᠠᠶ ᠰᠢᠯᠲᠠᠭᠠᠨ ᠠᠴᠠ ᠪᠣᠯᠵᠤ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠢ ᠣᠷᠬᠢᠭᠳᠠᠭᠤᠯᠵᠤ ᠪᠤᠯᠬᠤ ᠦᠭᠡᠢ᠂ ᠨᠢᠭᠲᠠ ᠣᠶᠢᠷᠠᠲᠤᠭᠰᠠᠳ ᠢ ᠨᠢ ᠮᠠᠭᠠᠳᠯᠠᠨ ᠲᠣᠭᠲᠠᠭᠠᠬᠤ ᠶᠢ ᠣᠷᠬᠢᠭᠳᠠᠭᠤᠯᠵᠤ ᠪᠤᠯᠬᠤ ᠦᠭᠡᠢ᠃ ᠬᠢᠵᠢᠭ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠲᠣᠭᠲᠠᠭᠠᠯ ᠶᠣᠰᠣᠭᠠᠷ ᠬᠢᠵᠢᠭ ᠢ ᠰᠡᠷᠭᠡᠶᠢᠯᠡᠬᠦ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃       ᠰᠦᠨ ᠱᠤᠤ ᠴᠧᠩ᠂ ︽ᠴᠢᠯᠦᠭᠡᠲᠡᠢ ᠲᠠᠯᠪᠢᠬᠤ︾ ᠡᠰᠡᠬᠦᠯ᠎ᠡ ︽ᠬᠠᠮᠢᠶᠠᠷᠬᠤ︾ ᠳᠤ ᠴᠥᠮ ᠤᠯᠠᠨ ᠲᠦᠮᠡᠨ ᠤ ᠲᠥᠯᠥᠭᠡ ᠢᠯᠡᠭᠦᠬᠡᠨ ᠪᠣᠳᠣᠯᠬᠢᠯᠠᠵᠤ᠂ ᠤᠯᠠᠨ ᠲᠦᠮᠡᠨ ᠳᠤ ᠤᠴᠢᠷ ᠰᠢᠯᠲᠠᠭᠠᠨ ᠢᠶᠠᠨ ᠴᠠᠭ ᠲᠤᠬᠠᠢ ᠳᠤᠨᠢ ᠲᠣᠳᠣᠷᠬᠠᠢ ᠬᠡᠯᠡᠵᠦ ᠥᠭᠴᠦ᠂ ᠤᠯᠠᠨ ᠲᠦᠮᠡᠨ ᠳᠤ ᠲᠦᠭᠦᠮ ᠦᠵᠡᠭᠦᠯᠵᠦ᠂ ᠬᠠᠶᠢᠷ᠎ᠠ ᠨᠠᠶᠢᠷ ᠲᠠᠢ ᠬᠠᠨᠳᠤᠵᠤ᠂ ᠶᠣᠰᠣ ᠵᠢᠷᠤᠮ᠂ ᠤᠯᠠᠮᠵᠢᠯᠠᠯ ᠪᠣᠯᠣᠨ ᠶᠡᠷᠦ ᠶᠢᠨ ᠮᠡᠳᠡᠯᠭᠡ ᠠᠴᠠ ᠵᠥᠷᠢᠴᠡᠵᠦ ᠪᠤᠯᠬᠤ ᠦᠭᠡᠢ᠂ ᠳᠥᠭᠦᠮ ᠪᠦᠳᠦᠭᠦᠯᠢᠭ ᠢᠶᠠᠷ ᠬᠠᠨᠳᠤᠵᠤ ᠪᠤᠯᠬᠤ ᠦᠭᠡᠢ᠃ ᠬᠢᠵᠢᠭ ᠤᠨ ᠪᠠᠶᠢᠳᠠᠯ ᠭᠠᠷᠤᠭᠰᠠᠨ ᠪᠤᠰᠤᠳ ᠠᠶᠢᠮᠠᠭ ᠬᠤᠲᠠ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠬᠢᠵᠢᠭ ᠤᠨ ᠪᠠᠶᠢᠳᠠᠯ ᠢ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠦᠳᠲᠡᠷ ᠲᠦᠷᠭᠡᠨ ᠣᠯᠬᠤ ᠬᠡᠷᠡᠭᠲᠡᠢ᠃ ᠡᠯ᠎ᠡ ᠭᠠᠵᠠᠷ ᠤᠨ ᠬᠢᠨ ᠴᠥᠮ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠬᠦ᠂ ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃       ᠸᠠᠩ ᠯᠢ ᠰᠢᠶᠠ᠂ ᠪᠦᠦ ᠭᠠᠩ᠂ ᠢᠦᠢ ᠯᠢ ᠰᠢᠨ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ ᠨᠠᠷ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ