11 ᠰᠠᠷ᠎ᠠ ᠶᠢᠨ 21 ᠤ ᠣᠷᠣᠢ᠂ ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠸᠠᠩ ᠯᠢ ᠰᠢᠶᠠ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ | ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ᠂ ᠭᠡᠯᠪᠡᠷᠢ ᠶᠢ ᠨᠢ | ᠥᠭᠡᠷᠡᠲᠦᠭᠦᠯᠦᠯ ᠦᠭᠡᠢ ᠪᠠᠷᠢᠮᠲᠠᠯᠠᠵᠤ᠂ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ | ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ | ᠬᠡᠷᠡᠭᠲᠡᠢ᠃ ᠨᠠᠢᠮᠠᠨ ᠵᠦᠢᠯ ᠤᠨ ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠥᠨᠳᠥᠷ ᠲᠦᠭᠰᠢᠭᠦᠷᠢᠲᠡᠢ ᠣᠷᠣᠨ ᠳᠤ ᠡᠷᠬᠡᠪᠰᠢ ᠨᠢᠭᠡ | ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 ᠴᠠᠭ ᠲᠤ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ | ᠪᠡᠶᠡᠯᠡᠭᠦᠯᠬᠦ ᠬᠡᠷᠡᠭᠲᠡᠢ᠃ ᠳᠣᠣᠷ᠎ᠠ ᠲᠦᠭᠰᠢᠭᠦᠷᠢᠲᠡᠢ ᠣᠷᠣᠨ ᠳᠤ ᠪᠣᠳᠠᠲᠠᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠢᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠠᠶᠤᠯ ᠲᠦᠭᠰᠢᠭᠦᠷᠢ ᠶᠢᠨ ᠵᠡᠷᠭᠡ ᠳᠡᠰ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ | ᠲᠣᠭᠲᠠᠭᠠᠵᠤ᠂ ᠴᠠᠭ ᠲᠤᠬᠠᠢ ᠳᠤᠨᠢ ᠰᠡᠷᠭᠡᠶᠢᠯᠡᠨ ᠡᠵᠡᠮᠳᠡᠬᠦ ᠣᠷᠣᠨ ᠪᠦᠰᠡ ᠳᠤ ᠲᠣᠬᠢᠷᠠᠭᠤᠯᠤᠯᠲᠠ ᠬᠢᠵᠦ᠂ ᠱᠠᠲᠤ ᠲᠥᠷᠥᠯ ᠬᠤᠪᠢᠶᠠᠨ ᠣᠨᠣᠪᠴᠢᠲᠠᠶ | ᠦᠢᠯᠡᠴᠢᠯᠡᠵᠦ ᠬᠠᠮᠢᠶᠠᠷᠬᠤ ᠬᠡᠷᠡᠭᠲᠡᠢ᠃ ᠭᠤᠷᠪᠠ ᠳᠤ᠂ ᠰᠢᠯᠵᠢᠭᠦᠯᠦᠨ ᠵᠥᠭᠡᠭᠡᠪᠦᠷᠢᠯᠡᠪᠡᠯ ᠵᠣᠬᠢᠬᠤ ᠶᠢ ᠨᠢ ᠳᠠᠷᠦ᠋ᠢᠬᠠᠨ ᠰᠢᠯᠵᠢᠭᠦᠯᠵᠦ᠂ ᠡᠩ ᠲᠡᠷᠢᠭᠦᠨ ᠳᠤ ᠠᠷᠭ᠎ᠠ | ᠴᠢᠨᠠᠷᠲᠠᠢ ᠬᠠᠯᠳᠠᠪᠤᠷᠢᠯᠠᠬᠳᠠᠬᠰᠡᠳ ᠢ ᠪᠦᠭᠦᠨ ᠢ ᠡᠮᠨᠡᠯᠭᠡ ᠶᠢᠨ ᠬᠤᠷᠢᠶ᠎ᠠ ᠪᠠ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠰᠢᠯᠵᠢᠭᠦᠯᠭᠦ ᠬᠡᠷᠡᠭᠲᠡᠢ᠃ ᠳᠥᠷᠪᠡ ᠳᠤ᠂ | ᠨᠢᠭᠲᠠ ᠣᠶᠢᠷᠠᠲᠤᠭᠰᠠᠳ ᠢ ᠰᠢᠨᠵᠢᠯᠡᠬᠦ ᠤᠬᠠᠭᠠᠨᠴᠢ ᠣᠨᠣᠴᠠᠲᠠᠢ ᠮᠠᠭᠠᠳᠯᠠᠨ ᠲᠣᠭᠲᠠᠭᠠᠵᠤ᠂ ᠲᠤᠬᠠᠢ ᠶᠢᠨ ᠲᠠᠯᠠᠪᠠᠶ ᠶᠢᠨ ᠲᠠᠬᠤᠯ ᠡᠪᠡᠳᠴᠢᠨ ᠤ ᠪᠠᠶᠢᠴᠠᠭᠠᠯᠲᠠ᠂ | ᠲᠤᠬᠠᠢ ᠶᠢᠨ ᠲᠠᠯᠠᠪᠠᠶ ᠶᠢᠨ ᠰᠤᠳᠤᠯᠤᠨ ᠮᠠᠭᠠᠳᠯᠠᠯᠲᠠ ᠶᠢ ᠪᠠᠷᠢᠮᠲᠠᠯᠠᠵᠤ᠂ ᠣᠷᠬᠢᠭᠳᠠᠭᠤᠯᠵᠤ ᠪᠤᠯᠬᠤ ᠦᠭᠡᠢ᠃ ᠲᠠᠪᠤ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠲᠤ ︽ᠣᠷᠣᠬᠤ︾ ᠶᠢ ᠴᠢᠩᠭ᠎ᠠ ᠬᠠᠮᠢᠶᠠᠷᠴᠤ᠂ ᠥᠨᠳᠥᠷ ᠲᠦᠭᠰᠢᠭᠦᠷᠢᠲᠡᠢ | ᠰᠠᠭᠤᠭᠠᠯᠢ ᠠᠷᠠᠳ ᠤᠨ ᠲᠣᠭᠤᠷᠢᠭ ᠠᠴᠠ ︽ᠭᠠᠷᠬᠤ︾ ᠶᠢ ᠴᠢᠩᠭ᠎ᠠ ᠬᠠᠮᠢᠶᠠᠷᠴᠤ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠨᠡᠶᠢᠭᠡᠮ ᠳᠡᠭᠡᠷᠡᠬᠢ | ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠬᠡᠷᠡᠭᠲᠡᠢ᠃ ᠵᠢᠷᠭᠤᠭ᠎ᠠ ᠳᠤ᠂ ᠲᠥᠪᠯᠡᠷᠡᠭᠦᠯᠦᠨ ᠲᠤᠰᠠᠭᠠᠷᠯᠠᠬᠤ | ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠯᠤᠭ᠎ᠠ ᠳᠤ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠣᠨ ᠲᠣᠭᠲᠠᠭᠰᠠᠨ | ᠡᠮᠨᠡᠯᠭᠡ ᠶᠢᠨ ᠬᠤᠷᠢᠶ᠎ᠠ ᠳᠣᠲᠣᠷ᠎ᠠ ᠬᠠᠯᠳᠠᠪᠤᠷᠢᠯᠠᠯ ᠡᠭᠦᠰᠭᠦ ᠶᠢ ᠲᠠᠰᠤ ᠰᠡᠷᠭᠡᠶᠢᠯᠡᠵᠦ᠂ ᠣᠨᠣᠰᠢᠯᠠᠭᠳᠠᠭᠰᠠᠨ ᠡᠪᠡᠳᠴᠢᠲᠡᠨ ᠢ ᠪᠦᠭᠦ ᠬᠦᠴᠦ ᠪᠠᠷ ᠢᠶᠠᠨ ᠠᠪᠤᠷᠠᠨ ᠡᠮᠨᠡᠭᠦ | ᠬᠡᠷᠡᠭᠲᠡᠢ᠃ ᠨᠠᠢᠮᠠ ᠳᠤ᠂ ︽ᠭᠦᠷᠦᠭᠰᠡᠨ ᠭᠠᠵᠠᠷ ᠲᠤᠨᠢ ᠪᠠᠶᠢᠴᠠᠭᠠᠬᠤ︾ ᠶᠢ ᠴᠢᠩᠭ᠎ᠠ ᠬᠡᠷᠡᠭᠵᠢᠭᠦᠯᠵᠦ᠂ ᠬᠠᠮᠵᠢᠯᠴᠠᠨ ᠪᠠᠶᠢᠴᠠᠭᠠᠬᠤ ᠵᠠᠬᠢᠳᠠᠯ ᠢ ᠴᠠᠭ ᠲᠤᠬᠠᠢ ᠳᠤᠨᠢ | ᠰᠠᠨᠠᠭᠠᠴᠢᠯᠠᠭ᠎ᠠ ᠠᠴᠠ ᠪᠠᠨ ᠢᠯᠡᠭᠡᠵᠦ᠂ ᠬᠢᠵᠢᠭ ᠤᠨ ᠬᠠᠯᠳᠠᠪᠤᠷᠢᠯᠠᠨ ᠣᠷᠣᠵᠤ ᠢᠷᠡᠬᠦ ᠪᠠ ᠭᠠᠳᠠᠭᠰᠢ ᠬᠠᠯᠳᠠᠪᠤᠷᠢᠯᠠᠬᠤ ᠶᠢ ᠲᠠᠰᠤ ᠰᠡᠷᠭᠡᠶᠢᠯᠡᠬᠦ ᠬᠡᠷᠡᠭᠲᠡᠢ ᠭᠡᠵᠦ | ᠬᠡᠯᠡᠪᠡ᠃ | ᠲᠤᠰ ᠣᠷᠣᠢ᠂ ᠸᠠᠩ ᠯᠢ ᠰᠢᠶᠠ ᠪᠠᠰᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃ | | | |