ᠸᠠᠩ ᡁᠢ ᠫᠢᠩ  ᠳ᠋ᠧᠩᠺᠧᠦ ᠰᠢᠶᠠᠨ ᠳᠤ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/23
      11 ᠰᠠᠷ᠎ᠠ  ᠶᠢᠨ 21 ᠤ ᠡᠳᠦᠷ᠂ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ ᠸᠠᠩ ᡁᠢ ᠫᠢᠩ ᠳ᠋ᠧᠩᠺᠸᠤ ᠰᠢᠶᠠᠨ ᠳᠤ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ᠂ ᠣᠶ ᠰᠢᠭᠤᠢ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠵᠡᠷᠭᠡ ᠠᠵᠢᠯ  ᠢ ᠪᠠᠶᠢᠴᠠᠭᠠᠨ ᠰᠤᠳᠤᠯᠪᠠ᠃      ᠬᠠᠲᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠤ ᠴᠠᠰᠤᠨ ᠳᠤ ᠭᠤᠯᠭᠤᠬᠤ ᠲᠠᠯᠠᠪᠠᠢ ᠪᠣᠯᠣᠨ ᠪᠸᠢᠢᠬᠠᠢ ᠴᠡᠴᠡᠷᠯᠢᠭ ᠲᠤ᠂ ᠸᠠᠩ ᡁᠢ ᠫᠢᠩ ᠮᠥᠰᠥ ᠴᠠᠰᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠮᠥᠰᠥ ᠴᠠᠰᠤᠨ ᠳᠤ ᠬᠤᠴᠢᠭᠳᠠᠭᠰᠠᠨ ᠭᠠᠵᠠᠷ ᠴᠤ ᠠᠯᠳᠠ ᠮᠥᠩᠭᠦᠨ ᠠᠭᠤᠯᠠ ᠮᠥᠨ︾ ᠭᠡᠬᠦ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ᠲᠡᠷᠡ ᠴᠢᠬᠤᠯᠠᠴᠢᠯᠠᠭᠰᠠᠨ ᠨᠢ᠂ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠮᠥᠰᠥ ᠴᠠᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠥᠰᠥ ᠴᠠᠰᠤᠨ ᠤ ᠠᠵᠢᠯᠯᠠᠭ᠎ᠠ ᠪᠠ ᠤᠷᠤᠯᠳᠤᠭᠠᠨ ᠤ ᠣᠷᠤᠯᠴᠠᠬᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠪᠠ ᠵᠤᠭ᠎ᠠ ᠴᠡᠩᠭᠡᠯ ᠤᠨ ᠴᠢᠨᠠᠷ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠨᠠᠩ ᠣᠯᠠᠨ ᠬᠥᠮᠥᠰ ᠢ ᠮᠥᠰᠥ ᠴᠠᠰᠤᠨ ᠤ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠬᠤ ᠪᠠᠷ ᠲᠠᠲᠠᠵᠤ᠂ ︽ᠬᠦᠢᠲᠡᠨ ᠡᠬᠢ ᠪᠠᠶᠠᠯᠢᠭ︾ ᠢ ᠦᠨᠡᠨ ᠬᠦ ︽ᠬᠠᠯᠠᠭᠤᠨ ᠠᠵᠤ ᠦᠢᠯᠡᠰ︾ ᠪᠣᠯᠭᠠᠬᠤ ᠬᠡᠷᠡᠭᠲᠡᠢ ᠭᠡᠵᠡᠢ᠃      ᠡᠯᠡᠰᠦ ᠶᠢ ᠰᠡᠷᠭᠡᠶᠢᠯᠡᠬᠦ ᠤᠢ ᠰᠢᠭᠤᠢ ᠶᠢᠨ ᠦᠢᠯᠡᠰ ᠤᠨ ᠬᠠᠮᠢᠶᠠᠷᠴᠤ ᠬᠠᠮᠠᠭᠠᠯᠠᠬᠤ ᠲᠥᠪ ᠤᠨ ᠠᠵᠢᠯᠯᠠᠬᠤ ᠲᠣᠭᠤᠷᠢᠭ ᠲᠤ᠂ ᠸᠠᠩ ᡁᠢ ᠫᠢᠩ ᠳ᠋ᠧᠩᠺᠧᠦ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠤᠢ ᠰᠢᠭᠤᠢ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠭᠰᠡᠨ᠂ ᠵᠢᠵᠢᠭᠦᠷᠯᠡᠨ ᠰᠠᠬᠢᠭᠰᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠣᠨ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠭᠠᠯ ᠤᠨ ᠡᠬᠢ ᠰᠤᠷᠪᠤᠯᠵᠢ ᠶᠢ ᠴᠢᠩᠭ᠎ᠠ ᠡᠵᠡᠮᠳᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ