ᠮᠠᠨ ᠤ ᠬᠤᠲᠠ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/11/23
      ᠣᠶᠢᠷ᠎ᠠ ᠳᠤ᠂ ᠮᠠᠨ ᠤ ᠬᠤᠲᠠ ︽ᠪᠠᠶᠠᠨᠨᠠᠭᠤᠷ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃      ᠲᠣᠰ ᠤᠳᠠᠭ᠎ᠠ ᠳᠠᠷᠤᠮᠠᠯᠯᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠨᠢ ᠨᠡᠶᠢᠲᠡ 35 ᠰᠠᠯᠠᠭ᠎ᠠ ᠮᠥᠴᠢᠷ᠂ 338 ᠵᠦᠢᠯ ᠤᠨ ᠵᠥᠪᠰᠢᠶᠡᠷᠡᠯ ᠤᠨ ᠵᠦᠢᠯᠡᠰ ᠲᠤ ᠬᠤᠯᠪᠣᠭᠳᠠᠨ᠎ᠠ᠃ ᠡᠭᠦᠨ ᠳᠤ᠂ ᠨᠢᠭᠡᠳᠦᠭᠡᠷ ᠬᠡᠰᠡᠭ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠵᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ  ᠨᠢ ᠨᠡᠶᠢᠲᠡ 327 ᠵᠦᠢᠯ ︵ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠬᠠᠮᠲᠤᠪᠠᠷ ᠬᠢᠨᠠᠨ ᠵᠥᠪᠰᠢᠶᠡᠷᠡᠭᠰᠡᠨ 196 ᠵᠦᠢᠯ᠂ ᠬᠤᠲᠠ ᠶᠢᠨ ᠲᠣᠰ ᠱᠠᠲᠤᠨ ᠤ 86 ᠵᠦᠢᠯ᠂ ᠬᠤᠰᠢᠭᠤ ᠰᠢᠶᠠᠨ ᠲᠣᠭᠤᠷᠢᠭ 45 ᠵᠦᠢᠯ︶︔ ᠬᠤᠶᠠᠳᠤᠭᠠᠷ ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠨᠢ ᠨᠡᠶᠢᠲᠡ 11 ᠵᠦᠢᠯ ︵ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠬᠠᠮᠲᠤᠪᠠᠷ ᠬᠢᠨᠠᠨ ᠵᠥᠪᠰᠢᠶᠡᠷᠡᠬᠦ 10 ᠵᠦᠢᠯ᠂ ᠬᠤᠰᠢᠭᠤ ᠰᠢᠶᠠᠨ ᠲᠣᠭᠤᠷᠢᠭ 1 ᠵᠦᠢᠯ︶ ᠪᠣᠯᠣᠨ᠎ᠠ᠃ ᠡᠭᠦᠨ ᠤ ᠰᠠᠭᠤᠷᠢᠨ ᠳᠡᠭᠡᠷ᠎ᠡ᠂ ᠮᠠᠨ ᠤ ᠬᠤᠲᠠ ᠡᠯ᠎ᠡ ᠬᠤᠰᠢᠭᠤ ᠰᠢᠶᠠᠨ ᠲᠣᠭᠤᠷᠢᠭ ᠢ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠪᠠᠷ ᠯᠠᠪᠯᠠᠯᠲᠠ ᠪᠣᠯᠭᠠᠨ ᠡᠮᠬᠢᠯᠡᠵᠦ᠂ ᠪᠥᠬᠦ ᠬᠤᠲᠠ ᠶᠢᠨ ᠨᠢᠭᠡᠳᠦᠯᠲᠡᠢ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠨᠠᠩ ᠲᠥᠪ ᠭᠤᠥᠯᠴᠢ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠢ ᠶᠤᠮ  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ