ᠮᠠᠨ ᠤ ᠬᠤᠲᠠ ᠶᠢᠨ ᠠᠩᠬᠠᠳᠠᠭᠴᠢ ᠥᠯᠥ ᠬᠥᠳᠡᠯᠬᠦ ᠬᠥᠷᠥᠩᠭᠡ ᠶᠢᠨ ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ ᠲᠤᠬᠠᠶᠢᠯᠠᠭᠰᠠᠨ ᠠᠵᠢᠯ ᠤᠨ ᠵᠦᠢᠯᠡᠰ ᠤᠨ ᠬᠠᠮᠲᠤᠷᠠᠯᠴᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/11/23
      ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠬᠢᠭᠡᠳ ᠯᠢᠨ ᠾᠧ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠪᠥᠬᠦ ᠬᠤᠲᠠ ᠶᠢᠨ ᠠᠩᠬᠠᠳᠠᠭᠴᠢ ᠥᠯᠥ ᠬᠥᠳᠡᠯᠬᠦ ᠬᠥᠷᠥᠩᠭᠡ ᠶᠢᠨ ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ ᠲᠤᠬᠠᠶᠢᠯᠠᠭᠰᠠᠨ ᠠᠵᠢᠯ ᠤᠨ ᠵᠦᠢᠯᠡᠰ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠂ ᠡᠨᠡ ᠨᠢ ᠮᠠᠨ ᠤ ᠬᠤᠲᠠ ᠶᠢᠨ ᠠᠩᠬᠠᠳᠠᠭᠴᠢ ᠥᠯᠥ ᠬᠥᠳᠡᠯᠬᠦ ᠬᠥᠷᠥᠩᠭᠡ ᠶᠢᠨ ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ ᠲᠤᠬᠠᠶᠢᠯᠠᠭᠰᠠᠨ ᠠᠵᠢᠯ ᠤᠨ ᠵᠦᠢᠯᠡᠰ ᠤᠨ ᠬᠠᠮᠲᠤᠷᠠᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠥᠯᠥ ᠬᠥᠳᠡᠯᠬᠦ ᠬᠥᠷᠥᠩᠭᠡ ᠶᠢᠨ ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ ᠬᠠᠮᠲᠤᠷᠠᠯᠴᠠᠭ᠎ᠠ ᠪᠠᠷ ᠳᠡᠮᠵᠢᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠯᠥ ᠬᠥᠳᠡᠯᠬᠦ ᠬᠥᠷᠥᠩᠭᠡ ᠶᠢᠨ ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ ᠦᠵᠦᠭᠦᠷ ᠢ ᠯᠢᠨ ᠾᠧ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠦᠷᠲᠡᠯ᠎ᠡ ᠤᠷᠲᠤᠳᠬᠠᠵᠤ᠂ ᠰᠢᠭᠦᠬᠦ ᠬᠤᠷᠢᠶ᠎ᠠ ᠳᠤ ᠡᠳ᠋ ᠬᠥᠷᠥᠩᠭᠡ ᠶᠢ ᠬᠠᠮᠠᠭᠠᠯᠠᠨ ᠬᠠᠳᠠᠭᠠᠯᠠᠬᠤ᠂ ᠭᠦᠢᠴᠡᠳᠬᠡᠬᠦ ᠬᠡᠷᠡᠭ ᠤᠨ ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠲᠠᠶᠢᠯᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠨᠢᠭᠡ ᠯᠡ ᠥᠷᠲᠡᠭᠡᠨ ᠤ ᠬᠡᠯᠪᠡᠷᠢ ᠪᠠᠷ ᠭᠦᠢᠴᠡᠳᠬᠡᠵᠦ ᠪᠣᠯᠣᠨ᠎ᠠ᠃ ᠲᠣᠰ ᠠᠷᠭ᠎ᠠ ᠬᠡᠮᠵᠢᠶ᠎ᠡ ᠨᠢ ᠪᠢᠲᠡᠭᠦᠮᠵᠢᠯᠡᠯ ᠢ ᠪᠠᠶᠢᠴᠠᠭᠠᠨ ᠲᠠᠶᠢᠯᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠬᠠᠤᠯᠢ ᠪᠠᠷᠢᠯᠲᠠ ᠶᠢᠨ ᠪᠠᠶᠢᠴᠠᠭᠠᠨ ᠡᠵᠡᠮᠳᠡᠬᠦ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠵᠤ᠂ ᠬᠠᠤᠯᠢ ᠪᠠᠷᠢᠯᠲᠠ ᠶᠢᠨ ᠪᠠᠶᠢᠴᠠᠭᠠᠨ ᠡᠵᠡᠮᠳᠡᠬᠦ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ + ᠬᠠᠤᠯᠢ ᠴᠠᠭᠠᠵᠠ ᠶᠢᠨ ᠪᠠᠶᠢᠴᠠᠭᠠᠨ ᠡᠵᠡᠮᠳᠡᠬᠦ︾ ᠰᠢᠨ᠎ᠡ ᠵᠠᠭᠪᠤᠷ ᠲᠤ ᠲᠦᠰᠢᠭᠯᠡᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ