ᠮᠠᠨ ᠤ ᠬᠤᠲᠠ ᠶᠢᠨ ᠳᠠᠷᠤᠭᠳᠠᠮᠠᠯ ᠪᠡᠯᠡ ᠮᠥᠩᠭᠦ ᠪᠠᠨ ᠪᠤᠴᠠᠭᠠᠨ ᠲᠤᠰᠢᠶᠠᠬᠤ ᠠᠵᠢᠯ ᠪᠦᠬᠦ ᠲᠠᠯ᠎ᠠ ᠪᠠᠷ ᠳᠠᠭᠤᠰᠪᠠ
ᠨᠡᠶᠢᠲᠡᠯᠡᠭᠰᠡᠨ ᠴᠠᠭ᠄
2022/11/23
      ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠬᠤᠲᠠ ᠶᠢᠨ ᠳᠠᠷᠤᠭᠳᠠᠮᠠᠯ ᠪᠡᠯᠡ ᠮᠥᠩᠭᠦ ᠪᠠᠨ ᠪᠤᠴᠠᠭᠠᠨ ᠲᠤᠰᠢᠶᠠᠬᠤ ᠠᠵᠢᠯ ᠨᠢᠭᠡᠨᠲᠡ ᠪᠥᠬᠦ ᠲᠠᠯ᠎ᠠ ᠪᠠᠷ ᠳᠠᠭᠤᠰᠴᠠᠢ᠃      ᠣᠶᠢᠯᠠᠭᠠᠭᠰᠠᠨ ᠢᠶᠠᠷ᠂ ᠳᠠᠷᠤᠭᠳᠠᠮᠠᠯ ᠪᠡᠯᠡ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ ᠂ ᠮᠠᠨ ᠤ ᠬᠤᠲᠠ ᠨᠡᠶᠢᠲᠡ 598 ᠰᠠᠯᠠᠭ᠎ᠠ ᠮᠥᠴᠢᠷ᠂ 1384 ᠨᠢᠭᠡᠴᠡ᠂ 2707 ᠪᠠᠩᠬᠢ ᠶᠢᠨ ᠲᠠᠩᠰᠠᠨ ᠡᠷᠦᠬᠡ ᠶᠢ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠭᠰᠠᠨ ᠪᠡᠯᠡ ᠮᠥᠩᠭᠦ 47.58 ᠳ᠋ᠦᠩᠰᠢᠭᠤᠷ ᠲᠥᠭᠦᠷᠢᠭ ᠲᠤ ᠬᠦᠷᠴᠡᠢ︔ 105 ᠲᠠᠩᠰᠠᠨ ᠡᠷᠦᠬᠡ ᠶᠢ ᠬᠦᠴᠦᠨ ᠦᠭᠡᠢ ᠪᠣᠯᠭᠠᠬᠤ ᠪᠠᠷ ᠲᠥᠯᠥᠪᠯᠡᠵᠦ᠂ 105 ᠲᠠᠩᠰᠠᠨ ᠡᠷᠦᠬᠡ ᠶᠢ ᠨᠢᠭᠡᠨᠲᠡ ᠬᠦᠴᠦᠨ ᠦᠭᠡᠢ ᠪᠣᠯᠭᠠᠵᠤ᠂ ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ︔ 3.43 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠴᠠᠭᠠᠨ ᠲᠤᠰᠢᠶᠠᠬᠤ ᠪᠠᠷ ᠲᠥᠯᠥᠪᠯᠡᠵᠦ᠂ 3.43 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠪᠤᠴᠠᠭᠠᠨ ᠲᠤᠰᠢᠶᠠᠵᠤ᠂ 100% ᠶᠢᠨ ᠠᠬᠢᠴᠠ ᠶᠢ ᠢᠯᠭᠠᠷᠠᠭᠤᠯᠤᠨ ᠲᠤᠰᠢᠶᠠᠨ᠎ᠠ᠂ ᠡᠭᠦᠨ ᠳᠤ 0.54 ᠳ᠋ᠦᠩᠰᠢᠭᠤᠷ ᠲᠥᠭᠦᠷᠢᠭ ᠤᠨ ᠲᠤᠰᠢᠶᠠᠬᠤ ᠶᠣᠰᠣᠲᠠᠢ ᠲᠤᠰᠢᠶᠠᠭᠠᠳᠤᠢ ᠡᠳ᠋ ᠤᠨ ᠵᠠᠰᠠᠭ ᠤᠨ ᠣᠷᠣᠯᠭ᠎ᠠ ᠶᠢ ᠨᠢᠭᠡᠨᠲᠡ ᠪᠥᠬᠦ ᠬᠤᠲᠠ ᠶᠢᠨ ᠲᠥᠰᠥᠪ ᠤᠨ ᠬᠠᠮᠢᠶᠠᠷᠤᠯᠲᠠ ᠳᠤ ᠣᠷᠣᠭᠤᠯᠪᠠ︔ 2.89 ᠳ᠋ᠦᠩᠰᠢᠭᠤᠷ ᠲᠥᠭᠦᠷᠢᠭ ᠤᠨ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠬᠤ ᠪᠡᠯᠡ ᠮᠥᠩᠭᠦ ᠶᠢ ᠤᠳᠤ ᠨᠢᠭᠡᠨᠲᠡ 2.01 ᠳ᠋ᠦᠩᠰᠢᠭᠤᠷ ᠲᠥᠭᠦᠷᠢᠭ ᠵᠠᠷᠤᠴᠠᠭᠤᠯᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ