︽  ᠲᠡᠭᠷᠢ ᠶᠢᠨ ᠬᠡᠰᠢᠭᠲᠦ ᠪᠣᠷᠣᠳᠣᠬᠤᠢ︾ 41 ᠲᠥᠷᠥᠯ ᠵᠦᠢᠯ ᠤᠨ 146 ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠪᠠ
ᠨᠡᠶᠢᠲᠡᠯᠡᠭᠰᠡᠨ ᠴᠠᠭ᠄
2022/11/23
      ᠰᠤᠷᠪᠤᠯᠵᠢᠯᠠᠭᠴᠢ ᠪᠠᠶᠠᠨ ᠪᠣᠬᠢᠷᠲᠤᠯ ᠦᠭᠡᠢ ᠦᠢᠯᠡᠰ ᠤᠨ ᠺᠣᠮᠫᠠᠨᠢ  ᠠᠴᠠ ᠣᠶᠢᠯᠠᠭᠠᠭᠰᠠᠨ ᠢᠶᠠᠷ᠂ 2022 ᠣᠨ ᠤ 11 ᠰᠠᠷ᠎ᠠ ᠶᠢᠨ 8 ᠤ ᠡᠳᠦᠷ ᠪᠣᠯᠲᠠᠯ᠎ᠠ᠂ ︽ᠲᠡᠭᠷᠢ ᠶᠢᠨ ᠬᠡᠰᠢᠭᠲᠦ ᠪᠣᠷᠣᠳᠣᠬᠤᠢ ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠰᠢᠷᠢᠰ ᠲᠠᠸᠠᠷ ᠤᠨ ᠲᠡᠮᠳᠡᠭ ᠲᠤ ᠨᠡᠶᠢᠲᠡ 45 ᠲᠥᠷᠥᠯ ᠤᠨ 194 ᠲᠠᠸᠠᠷ ᠤᠨ ᠲᠡᠮᠳᠡᠭ ᠢ ᠭᠤᠶᠤᠴᠢᠯᠠᠵᠤ᠂ 41 ᠲᠥᠷᠥᠯ ᠤᠨ 146 ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠵᠠᠢ᠃      ᠡᠭᠦᠨ ᠳᠤ᠂ ᠬᠠᠮᠲᠤ ᠶᠢᠨ ᠲᠠᠸᠠᠷ ᠤᠨ ᠲᠡᠮᠳᠡᠭ ᠤᠨ 16 ᠲᠥᠷᠥᠯ ᠵᠦᠢᠯ 109 ᠲᠠᠸᠠᠷ ᠤᠨ ᠲᠡᠮᠳᠡᠭᠲᠦ᠂ ᠡᠩ ᠤᠨ ᠲᠠᠸᠠᠷ ᠤᠨ ᠲᠡᠮᠳᠡᠭ ᠤᠨ 26 ᠲᠥᠷᠥᠯ ᠵᠦᠢᠯ 32 ᠲᠠᠸᠠᠷ ᠤᠨ ᠲᠡᠮᠳᠡᠭᠲᠦ᠂ ᠣᠯᠠᠨ ᠤᠯᠤᠰ ᠤᠨ ᠲᠠᠸᠠᠷ ᠤᠨ ᠲᠡᠮᠳᠡᠭ ᠤᠨ 3 ᠲᠥᠷᠥᠯ ᠵᠦᠢᠯ 5 ᠲᠠᠸᠠᠷ ᠤᠨ ᠲᠡᠮᠳᠡᠭᠲᠦ ︵ᠲᠣᠰ ᠲᠣᠰ ᠳᠤᠮᠳᠠᠳᠤ ᠤᠯᠤᠰ ᠤᠨ ᠰᠢᠶᠠᠩᠭᠠᠩ᠂ ᠶᠧᠵᠢᠫᠲ᠂ ᠠᠩᠭ᠍ᠯᠢ᠂ ᠶᠠᠫᠤᠨ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠳᠤ ᠳᠠᠩᠰᠠᠯᠠᠭᠤᠯᠬᠤ ᠪᠠᠷ ᠭᠤᠶᠤᠴᠢᠯᠠᠭᠰᠠᠨ ᠪᠥᠭᠡᠳ ᠲᠤᠬᠠᠢ ᠶᠢᠨ ᠭᠠᠵᠠᠷ ᠤᠨ ᠲᠠᠸᠠᠷ ᠤᠨ ᠲᠡᠮᠳᠡᠭᠲᠦ ᠪᠤᠶᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠯᠠᠭ᠎ᠠ ᠮᠥᠴᠢᠷ ᠤᠨ ᠭᠠᠷ ᠤᠨ ᠥᠰᠥᠭ ᠵᠢᠷᠤᠵᠤ ᠣᠯᠭᠤᠭᠰᠠᠨ ᠲᠠᠸᠠᠷ ᠤᠨ ᠲᠡᠮᠳᠡᠭ ᠤᠨ ᠦᠨᠡᠮᠯᠡᠯ ᠢ ᠣᠯᠣᠭᠰᠠᠨ︶ ᠶᠢ ᠠᠮᠵᠢᠯᠲᠠ ᠲᠠᠢ ᠳᠠᠩᠰᠠᠯᠠᠭᠤᠯᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ