ᠮᠠᠨ ᠤ ᠬᠤᠲᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2022/11/23
      ᠣᠳᠣᠬᠠᠨ ᠳᠤ ᠨᠢᠭᠡᠨᠲᠡ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠮᠠᠨ ᠤ ᠬᠤᠲᠠ ᠪᠥᠬᠦ ᠬᠤᠲᠠ ᠶᠢᠨ 37 ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠭᠤᠣᠯᠳᠠᠯᠭ᠎ᠠ ᠲᠠᠢ ᠣᠷᠣᠨ ᠪᠦᠰᠡ ᠵᠢᠴᠢ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠳᠠᠮᠵᠢᠭᠤᠯᠬᠤ ᠪᠠ ᠲᠦᠭᠡᠭᠡᠬᠦ ᠱᠤᠭᠤᠮ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠵᠢᠴᠢ ᠬᠠᠤᠯᠢ ᠶᠢ ᠵᠥᠷᠢᠴᠡᠨ ᠭᠠᠯ ᠬᠡᠷᠡᠭᠯᠡᠬᠦ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃      ᠣᠶᠢᠯᠠᠭᠠᠭᠰᠠᠨ ᠢᠶᠠᠷ᠂ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠮᠠᠨ ᠤ ᠬᠤᠲᠠ ᠶᠢᠨ 39 ᠪᠠᠷᠠᠯᠠᠬᠤ ᠴᠠᠮᠬᠠᠭ᠂ 26 ᠪᠠᠶᠢᠴᠠᠭᠠᠬᠤ ᠥᠷᠲᠡᠭᠡ ︵ᠺᠠᠷᠲ︶᠂ 1000 ᠭᠠᠷᠤᠢ ᠭᠠᠯ ᠤᠨᠲᠠᠷᠠᠭᠠᠬᠤ ᠠᠩᠭᠢ ᠶᠢᠨ ᠭᠡᠰᠢᠭᠦᠨ ᠪᠠᠶᠢᠯᠳᠤᠭᠠᠨ ᠤ ᠪᠠᠶᠢᠷᠢ ᠪᠠᠨ ᠴᠢᠩᠭ᠎ᠠ ᠰᠠᠬᠢᠵᠤ᠂ ᠣᠳᠣᠬᠠᠨ ᠳᠤ ᠨᠢᠭᠡᠨᠲᠡ ᠬᠤᠲᠠ ᠶᠢᠨ ᠲᠠᠰ ᠤᠨ ᠭᠠᠯ ᠲᠦᠢᠮᠡᠷ ᠤᠨ ᠪᠠᠶᠢᠳᠠᠯ ᠢ 2 ᠤᠳᠠᠭ᠎ᠠ ᠵᠠᠳᠠᠯᠤᠨ ᠰᠤᠳᠤᠯᠵᠤ ᠮᠠᠭᠠᠳᠯᠠᠪᠠ᠂ ᠡᠭᠴᠡ ᠨᠢᠰᠬᠡᠯ ᠢᠶᠠᠷ 422 ᠴᠠᠭ ᠴᠠᠭᠳᠠᠨ ᠪᠠᠶᠢᠴᠠᠭᠠᠵᠤ᠂ 3 ᠲᠦᠮᠡ ᠭᠠᠷᠤᠢ ᠺᠢᠯᠣᠮᠧᠲᠷ ᠨᠢᠰᠴᠦ᠂ ᠲᠣᠭᠤᠷᠢᠨ ᠬᠠᠮᠠᠭᠠᠯᠠᠬᠤ ᠲᠠᠯᠠᠪᠠᠶ ᠨᠢ 4376 ᠲᠦᠮᠡᠨ ᠾᠧᠺᠲ᠋ᠠᠷ ᠲᠤ ᠬᠦᠷᠴᠡᠢ︔ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ 143 ᠺᠢᠯᠣᠮᠧᠲᠷ ᠭᠠᠷᠭᠠᠵᠤ᠂ ᠭᠠᠯ ᠢ ᠰᠡᠷᠭᠡᠶᠢᠯᠡᠬᠦ ᠵᠠᠮ ᠢ 23 ᠺᠢᠯᠣᠮᠧᠲᠷ ᠰᠡᠯᠪᠢᠨ ᠵᠠᠰᠠᠵᠤ᠂ 300 ᠭᠠᠷᠤᠢ ᠺᠢᠯᠣᠮᠧᠲᠷ ᠰᠢᠲᠠᠮᠠᠬᠠᠢ ᠪᠣᠳᠠᠰ ᠢ ᠴᠡᠪᠡᠷᠯᠡᠪᠡ︔ ᠡᠯ᠎ᠡ ᠱᠠᠲᠤᠨ ᠤ ᠰᠢᠪᠠᠳᠠᠨ ᠪᠠᠶᠢᠴᠠᠭᠠᠬᠤ ᠳᠤᠭᠤᠶᠢᠯᠠᠩ 60 ᠭᠠᠷᠤᠢ᠂ ᠲᠣᠭᠤᠷᠢᠨ ᠪᠠᠶᠢᠴᠠᠭᠠᠬᠤ ᠲᠡᠷᠭᠡ ᠶᠢ 100 ᠭᠠᠷᠤᠢ ᠤᠳᠠᠭ᠎ᠠ ᠲᠣᠮᠢᠯᠠᠵᠤ᠂ ᠪᠥᠬᠦ ᠬᠤᠲᠠ ᠳᠤ ᠭᠠᠯ ᠤᠨ ᠭᠠᠮᠰᠢᠭ ᠤᠨ ᠳᠠᠯᠳᠠ ᠬᠡᠮ ᠢ 100 ᠭᠠᠷᠤᠢ ᠪᠠᠶᠢᠴᠠᠭᠠᠨ ᠵᠠᠯᠠᠷᠠᠭᠤᠯᠵᠤ᠂ ᠨᠡᠶᠢᠲᠡ 10000 ᠰᠢᠬᠠᠮ ᠬᠥᠮᠥᠨ ᠤᠳᠠᠭ᠎ᠠ ᠪᠠᠶᠢᠴᠠᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠪᠡ  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ