ᠮᠠᠨ ᠤ ᠬᠤᠲᠠ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ 10336 ᠡᠷᠦᠬᠡ ᠭᠡᠷ ᠪᠦᠯᠢ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠥᠬᠦᠪᠦᠷᠢ ᠣᠯᠭᠤᠪᠠ
ᠨᠡᠶᠢᠲᠡᠯᠡᠭᠰᠡᠨ ᠴᠠᠭ᠄
2022/11/23
      ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠬᠤᠲᠠ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ 10336 ᠭᠡᠷ ᠪᠦᠯᠢ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠥᠬᠦᠪᠦᠷᠢ ᠨᠡᠶᠢᠲᠡ 493.78 ᠲᠦᠮᠡᠨ ᠲᠥᠭᠦᠷᠢᠭ ᠲᠠᠷᠬᠠᠭᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠳᠤᠯᠠᠭᠠᠯᠠᠭ᠎ᠠ ᠶᠢᠨ ᠨᠥᠬᠦᠪᠦᠷᠢ ᠶᠢ A ᠲᠥᠷᠥᠯ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ 630 ᠲᠥᠭᠦᠷᠢᠭ ᠤᠨ ᠨᠥᠬᠦᠪᠦᠷᠢ ᠥᠭᠬᠦ᠂ B ᠲᠥᠷᠥᠯ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ 500 ᠲᠥᠭᠦᠷᠢᠭ ᠤᠨ ᠨᠥᠬᠦᠪᠦᠷᠢ ᠥᠭᠬᠦ᠂ C ᠲᠥᠷᠥᠯ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ 370 ᠲᠥᠭᠦᠷᠢᠭ ᠤᠨ ᠨᠥᠬᠦᠪᠦᠷᠢ ᠥᠭᠬᠦ ᠪᠠᠷᠢᠮᠵᠢᠶ᠎ᠠ ᠪᠠᠷ ᠲᠣᠰ ᠲᠣᠰ 1270 ᠡᠷᠦᠬᠡ᠂ 6025 ᠡᠷᠦᠬᠡ᠂ 3041 ᠡᠷᠦᠬᠡ ᠳᠤ ᠣᠯᠭᠤᠨ᠎ᠠ᠃ ᠣᠳᠣᠬᠠᠨ ᠳᠤ᠂ ᠳᠤᠯᠠᠭᠠᠯᠠᠭ᠎ᠠ ᠶᠢᠨ ᠨᠥᠬᠦᠪᠦᠷᠢ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠨᠢᠭᠡᠨᠲᠡ ᠪᠦᠬᠦᠨ ᠢ ᠨᠥᠬᠦᠪᠦᠷᠢ ᠣᠯᠬᠤ ᠡᠲᠡᠭᠡᠳ ᠤᠨ ᠭᠠᠷ ᠲᠤ ᠣᠯᠭᠤᠭᠰᠠᠨ ᠪᠠᠶᠢᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ