ᠲᠦᠷᠦᠭᠦᠸ ᠭᠤᠷᠪᠠᠨ ᠤᠯᠠᠷᠢᠯ ᠳᠤ ᠮᠠᠨ ᠤ ᠬᠤᠲᠠ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠶᠢ 1.5 ᠳ᠋ᠦᠩᠰᠢᠭᠤᠷ ᠲᠥᠭᠦᠷᠢᠭ ᠰᠠᠯᠭᠠᠨ ᠥᠭᠴᠡᠢ
ᠨᠡᠶᠢᠲᠡᠯᠡᠭᠰᠡᠨ ᠴᠠᠭ᠄
2022/11/23
      ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠦᠷᠦᠭᠦᠦ ᠭᠤᠷᠪᠠᠨ ᠤᠯᠠᠷᠢᠯ ᠳᠤ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠶᠢ 15536.06 ᠲᠦᠮᠡᠨ ᠲᠥᠭᠦᠷᠢᠭ ᠪᠠᠭᠤᠯᠭᠠᠨ ᠥᠭᠴᠦ᠂ ᠠᠵᠢᠯ ᠠᠯᠳᠠᠭᠰᠠᠳ ᠤᠨ ᠪᠡᠯᠡ ᠮᠥᠩᠭᠦ ᠶᠢᠨ ᠭᠤᠶᠤᠴᠢᠯᠠᠯ ᠢ ᠬᠢᠨᠠᠨ ᠵᠥᠪᠰᠢᠶᠡᠷᠡᠬᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠳ ᠤᠨ ᠠᠵᠢᠯ ᠠᠯᠳᠠᠭᠰᠠᠳ ᠤᠨ ᠨᠥᠬᠦᠪᠦᠷᠢ ᠶᠢ ᠴᠢᠩᠭᠠᠳᠬᠠᠬᠤ ᠳᠤ ᠬᠡᠷᠡᠭᠯᠡᠵᠦ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠭᠳᠡᠯ᠂ ᠵᠢᠷᠭᠠᠯᠲᠤ ᠰᠡᠳᠬᠢᠭᠳᠡᠯ᠂ ᠠᠮᠤᠷ ᠲᠦᠪᠰᠢᠨ ᠤ ᠰᠡᠳᠬᠢᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃      ᠡᠭᠦᠨ ᠳᠤ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠦᠷᠢ 454.35 ᠲᠦᠮᠡᠨ ᠲᠥᠭᠦᠷᠢᠭ ᠢ ᠰᠠᠯᠭᠠᠨ ᠥᠭᠴᠦ᠂ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠦᠷᠢ 17.9 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ 6727.57 ᠲᠦᠮᠡᠨ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ 4149.53 ᠲᠦᠮᠡᠨ ᠲᠥᠭᠦᠷᠢᠭ᠂ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ 3 ᠲᠦᠮᠡᠨ ᠲᠥᠭᠦᠷᠢᠭ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ 191.94 ᠲᠦᠮᠡᠨ ᠲᠥᠭᠦᠷᠢᠭ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠨᠥᠬᠦᠪᠦᠷᠢ 441.53 ᠲᠦᠮᠡᠨ ᠲᠥᠭᠦᠷᠢᠭ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠨᠥᠬᠦᠪᠦᠷᠢ 10 ᠲᠦᠮᠡᠨ ᠲᠥᠭᠦᠷᠢᠭ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠪᠠ ᠳᠤᠮᠳᠠ ᠵᠢᠵᠢᠭ ᠠᠵᠤ ᠠᠬᠤᠶᠢᠯᠠᠯ ᠤᠨ ᠨᠥᠭᠡᠴᠡ ᠴᠢᠳᠠᠪᠤᠷᠢᠲᠠᠨ ᠵᠡᠷᠭᠡ ᠶᠢᠨ ᠨᠥᠬᠦᠪᠦᠷᠢ 3540.24 ᠲᠦᠮᠡᠨ ᠲᠥᠭᠦᠷᠢᠭ᠂ ᠠᠵᠤ ᠠᠬᠤᠶᠢᠯᠠᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠳᠤ ᠪᠦᠲᠦᠮᠵᠢᠲᠡᠶ ᠬᠦᠴᠦᠨ ᠨᠡᠮᠡᠷᠢᠯᠡᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ