ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠡᠰᠢᠭᠦᠳ ᠤᠨ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠬᠤ ᠦᠶ᠎ᠡ ᠳᠤ ᠴᠢᠬᠤᠯᠠᠴᠢᠯᠠᠭᠰᠠᠨ ᠨᠢ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ ᠠᠯᠢᠪᠠ ᠪᠦᠬᠦᠨ ᠠᠷᠠᠳ ᠲᠦᠮᠡᠨ ᠳᠤ ᠲᠦᠰᠢᠭᠯᠡᠬᠦ ᠶᠢ ᠢᠮᠠᠭᠲᠠ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/11/8
      6380224871035552804834042.png
      ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠃ ᠣᠳᠣ᠂ ᠪᠢᠳᠡ ᠵᠣᠷᠢᠭ ᠰᠠᠨᠠᠭ᠎ᠠ ᠪᠠᠳᠠᠷᠠᠩᠭᠤᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃       ᠰᠢᠨ᠎ᠡ ᠠᠶᠠᠨ ᠳᠤ᠂ ᠪᠢᠳᠡ ᠴᠤᠭ ᠪᠠᠳᠠᠷᠠᠩᠭᠤᠢ ᠡᠷᠡᠮᠡᠭᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠢ       ᠰᠢᠨ᠎ᠡ ᠠᠶᠠᠨ ᠳᠤ᠂ ᠪᠢᠳᠡ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠠᠷᠠᠳ ᠲᠦᠮᠡᠨ ᠳᠤ ᠲᠦᠰᠢᠭᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃       ᠰᠢᠨ᠎ᠡ ᠠᠶᠠᠨ ᠳᠤ᠂ ᠪᠢᠳᠡ ᠢᠮᠠᠭᠲᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠬᠡᠷᠡᠭᠲᠡᠢ᠃       ᠰᠢᠨ᠎ᠡ ᠠᠶᠠᠨ ᠳᠤ᠂ ᠪᠢᠳᠡ ᠪᠦᠬᠦ ᠬᠦᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠢᠮᠠᠭᠲᠠ ᠪᠠᠳᠠᠷᠠᠭᠤᠯᠬᠤ ᠬᠡᠷᠡᠭᠲᠡᠢ᠃       ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠠᠴᠠ ᠰᠠᠯᠵᠤ ᠴᠢᠳᠠᠬᠤ ᠦᠭᠡᠢ᠂ ᠳᠡᠯᠡᠬᠡᠢ ᠶᠢᠨ ᠬᠥᠭᠵᠢᠯᠲᠡ ᠴᠦ ᠳᠤᠮᠳᠠᠳᠤ ᠤᠯᠤᠰ ᠢ ᠬᠡᠷᠡᠭᠰᠡᠨ᠎ᠡ᠃       ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ᠃ ᠵᠢᠷᠤᠭ ᠲᠥᠰᠥᠪ ᠨᠢᠭᠡᠨᠲᠡ ᠵᠢᠷᠤᠭᠯᠠᠭᠳᠠᠵᠤ᠂ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠨ ᠳᠠᠭᠤᠷᠢᠰᠤᠯ᠎ᠠ᠃ ᠪᠢᠳᠡ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ ᠂ ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠢᠷᠮᠠᠶᠢᠨ ᠴᠣᠭᠴᠠᠯᠠᠬᠤ ᠬᠡᠷᠡᠭᠲᠡᠢ᠃       ᠰᠠᠶ᠋ᠢᠬᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷ᠎ᠡ ᠰᠤᠩᠭᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ 23 ᠤ ᠦᠳᠡ ᠳᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠪᠤᠯᠵᠢᠯᠠᠭᠰᠠᠨ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠳᠣᠲᠣᠨᠣᠰᠤᠭ ᠢᠶᠠᠷ ᠠᠭᠤᠯᠵᠠᠪᠠ᠃       ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠴᠢᠮᠡᠭᠲᠦ ᠳ᠋ᠧᠩ ᠳᠤᠸᠠᠯᠠᠵᠤ᠂ ᠬᠥᠷ ᠬᠥᠭᠵᠢᠶᠡᠨ ᠲᠠᠢ ᠲᠥᠪ ᠶᠡᠬᠡᠮᠰᠦᠭ ᠪᠠᠶᠢᠯ᠎ᠠ᠃ ᠳᠤᠮᠳᠠᠳᠤ ᠭᠠᠳᠠᠭᠠᠳᠤ ᠶᠢᠨ ᠵᠢᠷᠭᠤᠭᠠᠨ ᠵᠠᠭᠤ ᠭᠠᠷᠤᠢ ᠰᠤᠷᠪᠤᠯᠵᠢᠯᠠᠭᠴᠢ ᠠᠳᠡ ᠢᠷᠡᠵᠦ᠂ ᠰᠢᠨ᠎ᠡ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠣᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠡᠰᠢᠭᠦᠳ ᠤᠨ ᠠᠩᠬᠠᠳᠠᠭᠴᠢ ᠬᠠᠮᠲᠤ ᠶᠢᠨ ᠠᠭᠤᠯᠵᠠᠯᠲᠠ ᠶᠢ ᠪᠦᠬᠦ ᠳᠡᠯᠡᠬᠡᠢ ᠳᠤ ᠮᠡᠳᠡᠭᠡᠯᠡᠪᠡ᠃       12 ᠴᠠᠭ 5 ᠮᠢᠨᠦ᠋ᠲ ᠲᠤ᠂ ᠰᠢ ᠶᠢᠨ ᠫᠢᠩ ᠨᠠᠷ ᠨᠢᠵᠢᠭᠢᠨᠡᠭᠰᠡᠨ ᠬᠠᠯᠠᠭᠤᠨ ᠠᠯᠠᠭ᠎ᠠ ᠳᠠᠰᠢᠯᠲᠠ ᠶᠢᠨ ᠳᠤᠮᠳᠠ ᠶᠡᠭᠡ ᠲᠢᠩᠬᠢᠮ ᠳᠤ ᠠᠯᠬᠤᠨ ᠣᠷᠣᠵᠣ᠂ ᠲᠤᠬᠠᠢ ᠶᠢᠨ ᠲᠠᠯᠠᠪᠠᠢ ᠳᠤ ᠪᠠᠶᠢᠭᠰᠠᠨ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠭᠠᠷ ᠳᠠᠯᠠᠯᠤᠨ ᠮᠡᠨᠳᠦᠴᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠨᠢᠨ ᠮᠡᠳᠡᠭᠡᠨ ᠤ ᠥᠭᠦᠯᠡᠭᠴᠢ ᠰᠦᠨ ᠶᠧ ᠯᠢ ᠳᠦᠭᠦᠮ ᠲᠠᠨᠢᠯᠴᠠᠭᠤᠯᠭ᠎ᠠ ᠬᠢᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠶᠠᠭᠤᠨ ᠤ ᠤᠷᠢᠳ᠂ ᠠᠳᠡ ᠰᠤᠷᠪᠤᠯᠵᠢᠯᠠᠭᠴᠢ ᠨᠠᠶᠢᠵᠠ ᠨᠠᠷ ᠲᠠᠢ ᠠᠭᠤᠯᠵᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠥᠴᠦᠭᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠲᠡᠭᠦᠰᠦᠯ᠎ᠡ᠃ ᠡᠨᠡ ᠪᠣᠯ ᠲᠤᠭ ᠢ ᠥᠨᠳᠥᠷ ᠮᠠᠨᠳᠤᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠪᠦᠯᠬᠦᠮᠳᠡᠭᠦᠯᠦᠨ ᠡᠷᠡᠯᠬᠡᠭᠯᠡᠨ ᠤᠷᠤᠭᠰᠢᠯᠠᠭᠤᠯᠬᠤ ᠨᠢᠭᠡ ᠤᠳᠠᠭ᠎ᠠ ᠶᠢᠨ ᠶᠡᠭᠡ ᠬᠤᠷᠠᠯ ᠪᠣᠯᠣᠨ᠎ᠠ᠃ ᠳᠡᠯᠡᠬᠡᠢ ᠨᠡᠶᠢᠭᠡᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠮᠠᠰᠢ ᠣᠯᠠᠨ ᠤᠯᠤᠰ ᠤᠨ ᠲᠥᠷᠥ ᠶᠢᠨ ᠨᠠᠮ ᠪᠠᠶᠠᠷ ᠤᠨ ᠴᠠᠬᠢᠯᠭᠠᠨ ᠪᠠᠶᠠᠷ ᠤᠨ ᠵᠠᠬᠢᠲᠠᠯ ᠢᠷᠡᠭᠦᠯᠪᠡ᠂ ᠡᠭᠦᠨ ᠳᠤ ᠣᠯᠠᠩᠬᠢ ᠨᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠦ᠂ ᠲᠥᠷᠥ ᠶᠢᠨ ᠨᠠᠮ ᠪᠣᠯᠣᠨ ᠴᠢᠬᠤᠯᠠ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠤᠳᠤᠷᠢᠳᠬᠤ ᠬᠦᠮᠦᠰ ᠠᠴᠠ ᠢᠷᠡᠭᠦᠯᠦᠭᠰᠡᠨ ᠶᠤᠮ᠃ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃       ᠰᠢ ᠶᠢᠨ ᠫᠢᠩ ᠣᠯᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠬᠦᠨ ᠢ ᠲᠠᠨᠢᠯᠴᠠᠭᠤᠯᠤᠭᠰᠠᠨ ᠤ ᠳᠠᠷᠠᠭ᠎ᠠ᠂ ᠰᠢᠨ᠎ᠡ ᠨᠢᠭᠡᠨ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠬᠤ ᠪᠦᠷᠢᠯᠳᠦᠬᠦᠨ ᠤ ᠡᠮᠦᠨ᠎ᠡ ᠠᠴᠠ ᠪᠦᠬᠦ ᠨᠠᠮ ᠤᠨ ᠨᠥᠬᠦᠳ ᠤᠨ ᠢᠲᠡᠭᠡᠵᠦ ᠪᠠᠶᠢᠬᠤ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠯᠠᠪᠲᠠᠢ ᠪᠠᠲᠤ ᠴᠡᠭᠡᠵᠢᠯᠡᠵᠦ᠂ ᠥᠪᠡᠷ ᠤᠨ ᠡᠭᠦᠷᠭᠡ ᠪᠠ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠢᠶᠠᠨ ᠬᠡᠴᠢᠶᠡᠩᠭᠦ᠋ᠢᠯᠡᠨ ᠭᠦᠢᠴᠡᠳᠬᠡᠵᠦ᠂ ᠬᠢᠴᠢᠶᠡᠨ ᠴᠢᠷᠮᠠᠶᠢᠨ ᠠᠵᠢᠯᠯᠠᠵᠤ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ ᠬᠦᠰᠡᠷᠳᠡᠭᠦᠯᠬᠦ ᠦᠭᠡᠢ ᠭᠡᠵᠦ ᠢᠯᠡᠳᠬᠡᠪᠡ᠃       ᠰᠢ ᠶᠢᠨ ᠫᠢᠩ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠃ ᠣᠳᠣ᠂ ᠪᠢᠳᠡ ᠵᠣᠷᠢᠭ ᠰᠠᠨᠠᠭ᠎ᠠ ᠪᠠᠳᠠᠷᠠᠩᠭᠤᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ ᠭᠡᠵᠦ ᠵᠢᠭᠠᠵᠤ ᠭᠠᠷᠭᠠᠵᠠᠢ᠃       ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠴᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠪᠠ ᠬᠦᠰᠡᠯ ᠬᠥᠭᠡᠭᠡᠴᠡᠯᠳᠦᠯ ᠢ ᠠᠴᠢᠶᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠯ ᠴᠢᠷᠮᠠᠶᠢᠯᠭ᠎ᠠ ᠪᠠ ᠬᠦᠴᠦ ᠬᠦᠯᠦᠰᠦ ᠰᠢᠩᠭᠡᠵᠦ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠷᠲᠤ ᠬᠤᠭᠤᠴᠠᠭᠠᠨ ᠤ ᠦᠢᠯᠡᠳᠦᠯᠭᠡ ᠶᠢᠨ ᠬᠠᠶᠢᠨ ᠰᠦᠪᠡᠭᠴᠢᠯᠡᠯᠲᠡ ᠶᠢᠨ ᠦᠷ᠎ᠡ ᠪᠦᠲᠦᠭᠡᠯ ᠮᠥᠨ᠂ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠃ ᠣᠨᠴᠠ ᠶᠢᠨ ᠪᠡᠷᠬᠡ ᠬᠠᠲᠠᠭᠤᠵᠢᠯᠲᠠᠢ ᠤᠴᠢᠷ ᠠᠴᠠ ᠠᠭᠤᠤ ᠶᠡᠭᠡ ᠶᠤᠮ︔ ᠣᠨᠴᠠ ᠶᠢᠨ ᠪᠡᠷᠬᠡ ᠬᠠᠲᠠᠭᠤᠵᠢᠯᠲᠠᠢ ᠤᠴᠢᠷ ᠠᠴᠠ ᠨᠡᠩ ᠴᠦ ᠢᠷᠠᠭᠤ ᠠᠯᠳᠠᠷᠲᠠᠢ ᠶᠤᠮ᠃ ᠡᠨᠡ ᠬᠦ ᠦᠢᠯᠡᠰ ᠤᠨ ᠲᠥᠯᠥᠭᠡ᠂ ᠲᠤᠭ᠎ᠠ ᠲᠣᠮᠰᠢ ᠦᠭᠡᠢ ᠣᠯᠠᠨ ᠠᠬᠠᠮᠠᠳ ᠦᠶ᠎ᠡ ᠶᠢᠨ ᠬᠢᠨ ᠬᠦᠴᠢᠷ ᠪᠡᠷᠬᠡ ᠶᠢ ᠢᠯᠠᠨ ᠳᠠᠪᠠᠵᠤ᠂ ᠲᠦᠢᠯ ᠤᠨ ᠬᠠᠲᠠᠭᠤᠵᠢᠯᠲᠠᠢ ᠲᠡᠮᠡᠴᠡᠯ ᠬᠢᠵᠡᠢ᠂ ᠪᠢᠳᠡ ᠲᠡᠳᠡᠨ ᠤ ᠬᠤᠪᠢ ᠨᠡᠮᠡᠷᠢ ᠪᠣᠯᠣᠨ ᠦᠷᠡᠭᠳᠡᠯ ᠢ ᠡᠭᠦᠷᠢᠳᠡ ᠪᠠᠲᠤ ᠴᠡᠭᠡᠵᠢᠯᠡᠭᠰᠡᠭᠡᠷ ᠪᠠᠶᠢᠨ᠎ᠠ᠃ ᠪᠢᠳᠡ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠴᠢᠷᠮᠠᠶᠢᠨ ᠲᠡᠷᠭᠡᠯᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠠᠷᠠᠳ ᠲᠦᠮᠡᠨ ᠳᠤ ᠲᠦᠰᠢᠭᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠶᠠᠨ ᠵᠠᠮ ᠳᠠᠭᠠᠨ᠂ ᠪᠢᠳᠡ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠭᠰᠡᠨ ᠠᠯᠢ ᠣᠯᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠢᠷᠡᠭᠡᠳᠦᠢ ᠳᠤ ᠬᠠᠨᠳᠤᠬᠤᠶ᠎ᠠ᠂ ᠪᠢᠳᠡ ᠮᠥᠨ ᠯᠠ ᠠᠷᠠᠳ ᠲᠦᠮᠡᠨ ᠳᠤ ᠲᠦᠰᠢᠭᠯᠡᠨ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠬᠦ ᠬᠡᠷᠡᠭᠲᠡᠢ᠃ ᠵᠠᠮ ᠡᠩᠬᠦᠯ ᠳᠤᠩᠬᠤᠯ ᠠᠯᠤᠰ ᠬᠤᠯᠠ ᠴᠦ ᠶᠠᠪᠤᠪᠠᠰᠤ ᠬᠦᠷᠦᠶᠦ᠃ ᠤᠷᠤᠭᠰᠢᠯᠠᠯᠲᠠ ᠶᠢᠨ ᠵᠠᠮ ᠳᠡᠭᠡᠷ᠎ᠡ᠂ ᠶᠡᠭᠡ ᠰᠠᠯᠬᠢ ᠰᠢᠷᠦᠭᠦᠨ ᠳᠠᠪᠠᠯᠭᠠᠨ ᠪᠠᠶᠢᠭᠰᠠᠨ ᠴᠦ ᠲᠡᠷᠡ᠂ ᠳᠣᠭᠰᠢᠨ ᠳᠠᠪᠠᠯᠭᠠᠨ ᠰᠢᠷᠦᠭᠦᠨ ᠳᠣᠯᠭᠢᠶᠠᠨ ᠪᠠᠶᠢᠭᠰᠠᠨ ᠴᠦ ᠲᠡᠷᠡ᠂ ᠠᠷᠠᠳ ᠲᠦᠮᠡᠨ ᠪᠣᠯ ᠬᠡᠵᠢᠶᠡᠳᠡ ᠪᠢᠳᠡᠨ ᠤ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ᠂ ᠬᠠᠮᠤᠭ ᠤᠨ ᠬᠦᠴᠦᠷᠬᠡᠭ ᠶᠡᠭᠡ ᠢᠳᠡ ᠬᠦᠴᠦᠨ ᠪᠣᠯᠬᠤ ᠶᠤᠮ᠃ ᠪᠢᠳᠡ ᠢᠮᠠᠭᠲᠠ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠠᠷᠠᠳ ᠲᠦᠮᠡᠨ ᠲᠠᠢ ᠵᠢᠷᠦᠬᠡ ᠰᠡᠳᠬᠢᠯ ᠢᠶᠠᠨ ᠬᠤᠯᠪᠣᠵᠤ᠂ ᠠᠷᠠᠳ ᠲᠦᠮᠡᠨ ᠤ ᠪᠣᠳᠣᠵᠣ ᠪᠠᠶᠢᠭ᠎ᠠ ᠵᠦᠢᠯ ᠢ ᠪᠣᠳᠣᠵᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠣᠳᠠᠲᠤ ᠠᠬᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠢᠮᠠᠭᠲᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠬᠡᠷᠡᠭᠲᠡᠢ᠃ ᠭᠠᠰᠠᠯᠠᠩ ᠵᠣᠪᠠᠯᠠᠩ ᠢ ᠬᠠᠰᠢᠷᠠᠲᠠᠯ᠎ᠠ ᠠᠮᠰᠠᠭᠰᠠᠨ ᠴᠦ ᠤᠭ ᠰᠠᠨᠠᠭ᠎ᠠ ᠪᠠᠨ ᠥᠯᠥ ᠬᠤᠪᠢᠷᠠᠭᠤᠯᠬᠤ ᠨᠠᠮ ᠰᠠᠶ᠋ᠢ ᠰᠠᠭᠤᠷᠢ ᠪᠠᠨ ᠡᠭᠦᠷᠢᠳᠡ ᠪᠠᠲᠤᠳᠬᠠᠵᠤ ᠴᠢᠳᠠᠨ᠎ᠠ︔ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠦᠭᠰᠡᠨ ᠴᠦ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠳᠡᠭ ᠨᠠᠮ ᠪᠣᠯ ᠰᠠᠶ᠋ᠢ ᠠᠯᠢᠪᠠ ᠪᠦᠬᠦᠨ ᠢ ᠢᠯᠠᠵᠤ ᠴᠢᠳᠠᠨ᠎ᠠ᠃ ᠵᠠᠭᠤᠨ ᠵᠢᠯ ᠤᠨ ᠰᠠᠯᠬᠢᠨ ᠪᠣᠷᠣᠭᠠᠨ ᠳᠤ ᠳᠠᠪᠲᠠᠭᠳᠠᠵᠤ᠂ ᠢᠯᠠᠩᠭᠤᠶ᠎ᠠ ᠰᠢᠨ᠎ᠡ ᠴᠠᠭ ᠦᠶ᠎ᠡ ᠶᠢᠨ 10 ᠵᠢᠯ ᠤᠨ ᠬᠤᠪᠢᠰᠬᠠᠯᠴᠢ ᠴᠢᠨᠠᠷᠲᠠᠢ ᠳᠠᠪᠲᠠᠯᠲᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠨᠡᠩ ᠪᠠᠲᠤ ᠴᠢᠩᠭ᠎ᠠ ᠬᠦᠴᠦᠨ ᠲᠠᠢ᠂ ᠨᠡᠩ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠪᠠ᠃ ᠰᠢᠨ᠎ᠡ ᠠᠶᠠᠨ ᠳᠠᠬᠢ ᠰᠢᠨ᠎ᠡ ᠥᠷᠢᠰᠦᠯᠳᠦᠭᠡᠨ ᠰᠢᠨ᠎ᠡ ᠰᠢᠯᠭᠠᠯᠲᠠ ᠶᠢᠨ ᠡᠮᠦᠨ᠎ᠡ᠂ ᠪᠢᠳᠡ ᠡᠷᠬᠡᠪᠰᠢ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠰᠢᠯᠭᠠᠯᠲᠠ ᠳᠤ ᠣᠷᠣᠯᠴᠠᠬᠤ ᠰᠡᠷᠭᠡᠭ ᠪᠥᠭᠡᠳ ᠪᠣᠯᠭᠤᠮᠵᠢᠲᠠᠢ ᠪᠠᠶᠢᠬᠤ ᠪᠠᠨ ᠡᠭᠦᠷᠢᠲᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠦᠬᠦᠷᠡᠰᠢ ᠦᠭᠡᠢ ᠠᠬᠢᠭᠤᠯᠵᠤ᠂ ᠵᠠᠭᠤᠨ ᠵᠢᠯ ᠤᠨ ᠲᠣᠮᠣ ᠨᠠᠮ ᠢ ᠥᠪᠡᠷ ᠪᠡᠶ᠎ᠡ ᠶᠢᠨ ᠬᠤᠪᠢᠰᠬᠠᠯ ᠬᠢᠬᠦ ᠳᠤᠮᠳᠠ ᠲᠠᠰᠤᠷᠠᠯᠲᠠ ᠦᠭᠡᠢ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠵᠤ᠂ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠪᠦᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠢᠮᠠᠭᠲᠠ ᠪᠠᠳᠠᠷᠠᠭᠤᠯᠬᠤ ᠬᠡᠷᠡᠭᠲᠡᠢ᠃ ᠣᠳᠣᠬᠠᠨ ᠤ ᠳᠡᠯᠡᠬᠡᠢ ᠶᠢᠷᠲᠢᠨᠴᠦ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠡᠵᠡᠮᠳᠡᠨ ᠲᠣᠭᠲᠠᠭᠠᠬᠤ ᠶᠣᠰᠣᠲᠠᠢ ᠭᠡᠵᠦ ᠪᠢᠳᠡ ᠵᠣᠷᠢᠭᠰᠠᠭᠠᠷ ᠢᠷᠡᠭᠰᠡᠨ ᠶᠤᠮ᠃ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠳᠠᠭ ᠯᠠ ᠶᠤᠮ ᠪᠣᠯ ᠡᠯ᠎ᠡ ᠤᠯᠤᠰ ᠳᠠᠷᠤᠢ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠨ ᠳᠡᠯᠡᠬᠡᠢ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠴᠢᠳᠠᠨ᠎ᠠ᠃ ᠪᠢᠳᠡ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠠᠶᠢᠬᠤ ᠪᠦᠬᠦ ᠬᠦᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠳᠡᠯᠡᠬᠡᠢ ᠶᠢᠨ ᠬᠥᠭᠵᠢᠯᠲᠡ ᠶᠢ ᠠᠬᠢᠭᠤᠯᠵᠤ᠂ ᠬᠦᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠠᠴᠠ ᠰᠠᠯᠵᠤ ᠴᠢᠳᠠᠬᠤ ᠦᠭᠡᠢ᠂ ᠳᠡᠯᠡᠬᠡᠢ ᠶᠢᠨ ᠬᠥᠭᠵᠢᠯᠲᠡ ᠴᠦ ᠳᠤᠮᠳᠠᠳᠤ ᠤᠯᠤᠰ ᠢ ᠬᠡᠷᠡᠭᠰᠡᠨ᠎ᠡ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ ᠤᠨ ᠴᠦᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠪᠢᠳᠡ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠬᠤᠶᠠᠷ ᠶᠡᠭᠡ ᠭᠠᠶᠢᠬᠠᠮᠰᠢᠭ ᠢ ᠡᠭᠦᠳᠪᠡ᠃ ᠣᠳᠣᠬᠠᠨ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠭᠦᠢᠴᠡᠳ᠂ ᠡᠷᠭᠢᠯᠲᠡ ᠶᠢᠨ ᠵᠠᠢ ᠥᠷᠭᠡᠨ ᠪᠠᠶᠢᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠴᠦ ᠤᠯᠠᠮ ᠠᠴᠠ ᠤᠯᠠᠮ ᠶᠡᠭᠡ ᠨᠡᠭᠡᠭᠡᠭᠳᠡᠬᠦ ᠪᠣᠯᠣᠨ᠎ᠠ᠃ ᠪᠢᠳᠡ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠷᠡᠰ ᠭᠤᠶᠢᠪᠢᠰᠢ ᠦᠭᠡᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠳ᠋ᠠᠬᠢᠨ ᠳᠤ ᠨᠡᠩ ᠣᠯᠠᠨ ᠠᠵᠠ ᠳᠣᠬᠢᠶᠠᠯ ᠢ ᠡᠭᠦᠳᠴᠦ ᠥᠭᠭᠦᠨ᠎ᠡ ᠭᠡᠵᠦ ᠴᠢᠬᠤᠯᠠᠴᠢᠯᠠᠪᠠ᠃       ᠰᠢ ᠶᠢᠨ ᠫᠢᠩ᠂ ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ᠃ ᠵᠢᠷᠤᠭ ᠲᠦᠰᠦᠪ ᠨᠢᠭᠡᠨᠲᠡ ᠵᠢᠷᠤᠭᠯᠠᠭᠳᠠᠵᠤ᠂ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠨ ᠳᠠᠭᠤᠷᠢᠰᠤᠯ᠎ᠠ᠃ ᠪᠢᠳᠡ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ᠂ ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠢᠷᠮᠠᠶᠢᠨ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ ᠬᠠᠮᠤᠭ ᠤᠨ ᠰᠡᠭᠦᠯ ᠳᠤ᠂ ᠬᠡᠳᠦᠨ ᠡᠳᠦᠷ ᠤᠨ ᠲᠤᠷᠰᠢ᠂ ᠰᠤᠷᠪᠤᠯᠵᠢᠯᠠᠭᠴᠢ ᠨᠠᠶᠢᠵᠠ ᠨᠥᠬᠦᠳ ᠤᠳ ᠶᠡᠭᠡ ᠬᠤᠷᠠᠯ ᠢ ᠭᠦᠢᠴᠡᠳ ᠮᠡᠳᠡᠭᠡᠯᠡᠵᠦ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠳᠠᠭᠤᠨ ᠢ ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠯᠲᠠ ᠶᠢ ᠳᠠᠮᠵᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠳᠤᠮᠳᠠᠳᠤ ᠤᠯᠤᠰ ᠲᠤ ᠬᠠᠨᠳᠤᠭᠤᠯᠪᠠ᠃ ᠲᠠ ᠨᠠᠷ ᠤᠨ ᠰᠢᠷᠭᠠᠭᠤ ᠠᠵᠢᠯᠯᠠᠭᠰᠠᠨ ᠳᠤ ᠪᠠᠶᠠᠷᠯᠠᠯ᠎ᠠ᠂ ᠣᠯᠠᠨ ᠢᠶᠠᠷ ᠢᠶᠠᠨ ᠵᠦᠳᠡᠷᠡᠯ᠎ᠡ᠃ ᠣᠯᠠᠨ ᠢᠶᠠᠷ ᠢᠶᠠᠨ ᠳᠤᠮᠳᠠᠳᠤ ᠤᠯᠤᠰ ᠤᠨ ᠡᠯ᠎ᠡ ᠭᠠᠵᠠᠷ ᠲᠤ ᠢᠯᠡᠭᠦᠬᠡᠨ ᠬᠦᠷᠴᠦ᠂ ᠢᠯᠡᠭᠦᠬᠡᠨ ᠦᠵᠡᠵᠦ᠂ ᠳᠤᠮᠳᠠᠳᠤ ᠤᠯᠤᠰ ᠤᠨ ᠦᠯᠢᠭᠡᠷ ᠢ ᠪᠤᠰᠤᠳᠴᠢ ᠪᠥᠭᠡᠳ ᠪᠣᠳᠠᠲᠠᠢ ᠪᠠᠷ ᠳᠡᠯᠡᠬᠡᠢ ᠳ᠋ᠠᠬᠢᠨ ᠳᠤ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠲᠤᠷ ᠶᠠᠷᠢᠵᠤ᠂ ᠪᠢᠳᠡᠨ ᠤ ᠶᠠᠭ ᠥᠩᠭᠡᠷᠡᠭᠦᠯᠵᠦ ᠪᠠᠶᠢᠭ᠎ᠠ ᠰᠢᠨ᠎ᠡ ᠴᠠᠭ ᠦᠶ᠎ᠡ ᠶᠢᠨ ᠦᠯᠢᠭᠡᠷ ᠢ ᠰᠠᠶᠢᠲᠤᠷ ᠶᠠᠷᠢᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠬᠡᠯᠡᠪᠡ᠃       12 ᠴᠠᠭ 30 ᠮᠢᠨᠦ᠋ᠲ ᠲᠤ ᠠᠭᠤᠯᠵᠠᠯᠲᠠ ᠶᠢᠨ ᠬᠤᠷᠠᠯ ᠲᠡᠭᠦᠰᠪᠡ᠃ ᠰᠢ ᠶᠢᠨ ᠫᠢᠩ ᠨᠠᠷ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠭᠠᠷ ᠳᠠᠯᠠᠯᠤᠨ ᠰᠠᠯᠬᠤ ᠶᠣᠰᠣ ᠬᠢᠪᠡ᠃ ᠪᠦᠬᠦ ᠲᠠᠯᠠᠪᠠᠢ ᠳᠤ ᠳᠠᠬᠢᠨᠲᠠ ᠠᠯᠠᠭ᠎ᠠ ᠲᠠᠰᠢᠯᠲᠠ ᠶᠢᠨ ᠳᠠᠭᠤᠨ ᠨᠢᠵᠢᠭᠢᠨᠡᠪᠡ᠃       ᠲᠥᠪ ᠤᠨ ᠷᠠᠷᠢᠤ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠰᠢᠨᠬᠤᠸᠠ ᠰᠦᠯᠵᠢᠶ᠎ᠡ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠬᠢᠪᠡ᠃       
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ