ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠶᠢᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2022/12/5
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠱᠦᠵᠢ ᠶᠠᠷᠢᠬᠤ ᠳᠠᠭᠠᠨ᠄ ᠠᠵᠠ ᠲᠣᠬᠢᠶᠠᠯ ᠢ ᠠᠮᠵᠢᠨ ᠳᠠᠬᠢᠨ ᠬᠦᠴᠦᠯᠡᠵᠦ ᠢᠯᠠᠯᠲᠠ ᠶᠢᠨ ᠡᠷᠴᠢᠨ ᠳᠡᠭᠡᠷ᠎ᠡ ᠪᠠᠨ ᠰᠢᠨ᠎ᠡ ᠪᠠᠶᠢᠳᠠᠯ ᠢ ᠨᠡᠭᠡᠭᠡᠶ᠎ᠡ      ᠤᠷᠠᠳ ᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ       ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ ᠨᠠᠮ ᠤᠨ ᠲᠥᠪ ᠬᠤᠷᠢᠶᠠᠨ ᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠠᠴᠠ ᠡᠭᠦᠰᠴᠦ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠥᠨᠳᠥᠷᠴᠡ ᠳᠡᠭᠡᠷ᠎ᠡ ᠵᠣᠭᠰᠣᠨ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠨ᠂ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠦᠷ᠎ᠡ ᠪᠦᠲᠦᠭᠡᠯ ᠢᠶᠠᠨ ᠪᠠᠲᠤᠳᠬᠠᠨ ᠰᠢᠨ᠎ᠡ ᠪᠠᠶᠢᠳᠠᠯ ᠳᠤ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠨᠡᠭᠡᠭᠡᠬᠦ ᠶᠢ ᠲᠦᠯᠬᠢᠨ ᠠᠬᠢᠭᠤᠯᠪᠠ᠃      ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠳᠤ᠂ ᠶᠠᠳᠠᠭᠤ ᠬᠦᠴᠢᠷᠳᠡᠯ ᠠᠴᠠ ᠠᠩᠭᠢᠵᠢᠷᠠᠭᠤᠯᠬᠤ ᠪᠠᠷ ᠤᠷᠢᠲᠠᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠭᠤᠣᠯᠳᠠᠯᠭ᠎ᠠ ᠪᠣᠯᠭᠠᠵᠤ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠠᠶᠢᠩᠭᠤ ᠶᠢᠨ ᠬᠢᠨᠠᠨ ᠬᠡᠮᠵᠢᠯᠲᠡ ᠪᠠ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠳᠠ ᠶᠢᠨ ᠣᠷᠣᠯᠭ᠎ᠠ ᠪᠠᠭᠠᠲᠠᠢ  ᠬᠠᠮᠲᠤ ᠨᠡᠶᠢᠲᠡ ᠶᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠶᠠᠳᠠᠭᠤ ᠬᠦᠴᠢᠷᠳᠡᠯ ᠲᠠᠢ ︽ᠵᠠᠬ᠎ᠠ ᠬᠢᠵᠠᠭᠠᠷ ᠤᠨ ᠡᠷᠦᠬᠡ︾ ᠶᠢᠨ ᠶᠠᠳᠠᠭᠤ ᠶᠢ ᠰᠡᠷᠭᠡᠶᠢᠯᠡᠬᠦ ᠳᠠᠭᠠᠳᠬᠠᠯ᠂ ᠠᠮᠢᠳᠤ ᠮᠠᠯ ᠤᠨ ᠳᠠᠭᠠᠳᠬᠠᠯ ᠪᠠ ᠠᠮᠢᠳᠤ ᠮᠠᠯ ᠤᠨ ᠪᠠᠷᠢᠴᠠᠭᠠᠲᠤ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠷᠢᠳᠠᠪᠠᠷ ᠪᠠᠶᠠᠵᠢᠭᠰᠠᠨ ᠨᠢ ᠰᠡᠭᠦᠯᠡᠷ ᠪᠠᠶᠠᠵᠢᠭᠰᠠᠨ ᠢᠶᠠᠨ ᠳᠠᠭᠠᠭᠤᠯᠵᠤ᠂ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠰᠢᠨ᠎ᠡ ᠪᠠᠷ ᠡᠭᠦᠳᠦᠨ ᠬᠥᠭᠵᠢᠭᠦᠯᠦᠨ᠎ᠡ᠃ ᠭᠠᠳᠠᠭᠠᠳᠤ  ᠠᠴᠠ ᠣᠷᠣᠭᠤᠯᠤᠭᠰᠠᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠬᠥᠲᠥᠴᠢ ᠠᠵᠤ ᠠᠬᠤᠶᠢᠯᠠᠯ ᠪᠦᠬᠦᠨ᠂ ᠡᠩ ᠲᠡᠷᠢᠭᠦᠨ ᠳᠤ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠨᠥᠬᠦᠴᠡᠯ ᠢ ᠪᠦᠷᠢᠳᠦᠭᠦᠯᠵᠦ᠂ ᠮᠠᠯᠴᠢᠨ ᠲᠠᠷᠢᠶᠠᠴᠢᠨ ᠶᠠᠮᠠᠷ ᠴᠤ ᠠᠶᠤᠯ ᠲᠦᠭᠰᠢᠭᠦᠷᠢ ᠶᠢ ᠡᠭᠦᠷᠭᠡᠯᠡᠵᠦ ᠪᠣᠯᠬᠤ ᠦᠭᠡᠢ᠃  ᠶᠢᠨ ᠽᠣᠣ ᠶᠤᠸᠠᠨ ᠤ ︽1+3︾᠂  ᠢᠩᠭᠡᠨ ᠰᠦ  ᠶᠢᠨ ︽ᠲᠡᠮᠡᠭᠡ ᠰᠠᠭᠠᠲᠠᠭᠤᠯᠬᠤ ᠭᠠᠵᠠᠷ︾᠂ ᠰᠢᠩ ᠷᠠᠨ ︽ᠠᠯᠠᠰᠢᠨ ᠦᠬᠡᠷ ᠲᠡᠵᠢᠭᠡᠯᠭᠡᠬᠦ︾ ᠵᠡᠷᠭᠡ ᠬᠤᠪᠢ ᠨᠡᠶᠢᠯᠡᠭᠦᠯᠦᠨ ᠡᠵᠡᠩᠨᠡᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠡᠯ᠎ᠡ ᠲᠥᠷᠥᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠵᠦ᠂ ᠵᠢᠯ ᠤᠨ ᠳᠣᠲᠣᠷ᠎ᠠ ᠪᠠᠶᠠᠨᠪᠤᠯᠠᠭ ᠪᠠᠯᠭᠠᠰᠤᠨ ᠤ ᠪᠦᠯᠬᠦᠮᠳᠡᠯ ᠲᠣᠰᠬᠤᠨ᠂  ᠬᠥᠬᠡ ᠥᠨᠳᠥᠷ ᠤᠨ ᠭᠤᠸᠠᠩ ᠯᠢᠨ ᠲᠣᠰᠬᠤᠨ᠂ ᠳ᠋ᠠ ᠱᠦ ᠸᠠᠨ ᠲᠣᠰᠬᠤᠨ ᠵᠡᠷᠭᠡ 3 ᠥᠨᠳᠥᠷ ᠪᠠᠷᠢᠮᠵᠢᠶᠠᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠢᠭ᠋ ᠢ ᠪᠠᠶᠢᠭᠤᠯᠵᠤ᠂ ᠲᠤᠷᠰᠢᠯᠭ᠎ᠠ ᠪᠠᠨ ᠳ᠋ᠦᠩᠨᠡᠨ᠂ ᠪᠥᠬᠦ ᠬᠤᠰᠢᠭᠤᠨ ᠳᠤ ᠳᠡᠯᠭᠡᠷᠡᠭᠦᠯᠵᠦ᠂ ᠰᠢᠰᠲ᠋ᠧᠮ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃      ᠬᠤᠶᠠᠷ ᠲᠤ᠂ ᠠᠵᠤ ᠦᠢᠯᠡᠰ ᠤᠨ ᠬᠥᠭᠵᠢᠯᠲᠡ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠡᠷᠴᠢᠮᠲᠡᠢ ᠬᠥᠭᠵᠢᠯᠲᠡ ᠶᠢᠨ ᠬᠠᠨᠳᠤᠰᠢ ᠶᠢ ᠪᠠᠲᠤᠯᠠᠨ᠎ᠠ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠤᠭ ᠬᠥᠳᠡᠯᠭᠡᠭᠦ ᠬᠦᠴᠦᠨ ᠮᠥᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ︾ ᠤ ᠶᠡᠷᠦᠩᠬᠡᠢ ᠬᠠᠷᠠᠯᠲᠠ ᠶᠢ ᠬᠠᠷᠠᠭᠠᠯᠠᠨ᠂ ᠬᠡᠪᠴᠢᠶᠡᠵᠢᠭᠦᠯᠦᠨ ᠡᠵᠡᠩᠨᠡᠬᠦ᠂ ᠮᠠᠰᠢᠨᠴᠢᠯᠠᠨ ᠲᠠᠷᠢᠶᠠᠯᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠠᠲᠤ ᠲᠡᠮᠳᠡᠭᠵᠢᠭᠦᠯᠦᠨ ᠪᠣᠷᠣᠯᠠᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠣᠨᠴᠠᠯᠢᠭᠲᠤ ᠲᠠᠷᠢᠶᠠᠯᠠᠩ ᠢ ᠪᠤᠢ ᠪᠣᠯᠭᠠᠨ᠎ᠠ᠃ ︽ᠲᠡᠵᠢᠭᠡᠬᠦ ᠶᠢᠨ ᠲᠥᠯᠥᠭᠡ ᠳᠠᠷᠢᠬᠤ᠂ ᠮᠠᠯ ᠠᠵᠤ ᠠᠬᠤᠢ ᠶᠢᠨ ᠲᠥᠯᠥᠭᠡ ᠲᠠᠷᠢᠶᠠᠯᠠᠬᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠬᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ︾ ᠪᠣᠬᠢᠷᠳᠤᠯ ᠦᠭᠡᠢ ᠴᠢᠨᠠᠷ ᠰᠠᠶᠢᠲᠠᠢ ᠡᠷᠭᠢᠯᠲᠡᠲᠦ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ 3 ᠵᠢᠯ ᠤᠨ ᠳᠣᠲᠣᠷ᠎ᠠ 21.95 ᠲᠦᠮᠡᠨ ᠮᠦ ᠲᠠᠷᠢᠶᠠᠨ ᠭᠠᠵᠠᠷ ᠢ ︽ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ︾ ᠥᠨᠳᠥᠷ ᠪᠠᠷᠢᠮᠵᠢᠶ᠎ᠠ ᠪᠠᠷ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠲᠠᠷᠢᠮᠠᠯ ᠤᠨ ᠦᠢᠯᠡᠰ ᠢ ᠨᠠᠶᠢᠳᠠᠨ ᠬᠠᠮᠢᠶᠠᠷᠤᠭᠤᠯᠬᠤ᠂ ᠶᠡᠭᠡ ᠬᠡᠪᠴᠢᠶ᠎ᠡ ᠪᠠᠷ ᠲᠥᠪᠯᠡᠷᠡᠭᠦᠯᠦᠨ ᠵᠠᠯᠭᠠᠯᠳᠤᠭᠤᠯᠤᠨ ᠡᠵᠡᠩᠨᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠳᠠᠷᠢᠬᠤ᠂ ᠪᠣᠷᠳᠣᠭᠤᠷ ᠣᠷᠣᠭᠤᠯᠬᠤ᠂ ᠡᠪᠡᠰᠦ ᠠᠷᠢᠯᠭᠠᠬᠤ᠂ ᠬᠠᠳᠤᠵᠤ ᠬᠤᠷᠢᠶᠠᠬᠤ ᠪᠥᠬᠦ ᠶᠠᠪᠤᠴᠠ ᠳᠤ ᠮᠠᠰᠢᠨᠴᠢᠯᠠᠯᠲᠠ ᠶᠢ ᠪᠡᠶᠡᠯᠡᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 2 ᠲᠦᠮᠡᠨ ᠲᠥᠭᠦᠷᠢᠭ ᠠᠴᠠ ᠳᠡᠭᠡᠭᠰᠢ ᠬᠦᠷᠭᠡᠵᠦ᠂ ᠲᠠᠷᠢᠶᠠᠴᠢᠨ ᠲᠦᠮᠡᠨ ᠢ ᠳᠠᠶᠢᠴᠢᠯᠠᠨ ᠴᠠᠭ ᠲᠤᠬᠠᠢ ᠳᠤᠨᠢ ᠰᠡᠳᠬᠢᠴᠡ ᠶᠢ ᠨᠢ ᠬᠤᠪᠢᠷᠠᠭᠤᠯᠵᠤ᠂ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠲᠥᠪᠯᠡᠷᠡᠭᠦᠯᠦᠨ ᠡᠷᠴᠢᠮᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠮᠠᠯ ᠠᠵᠤ ᠠᠬᠤᠢ ᠶᠢ ᠪᠣᠶ ᠪᠣᠯᠭᠠᠨ᠎ᠠ᠃ ︽ᠬᠥᠲᠥᠴᠢ᠂ ᠪᠥᠬᠦ ᠲᠠᠯ᠎ᠠ ᠪᠠᠷ ᠠᠮᠢᠳᠤᠯᠢᠭ︾ ᠪᠠᠶᠢᠵᠤ᠂  ᠶᠢᠨ ᠽᠣᠣ ᠶᠤᠸᠠᠨ᠂ ᠢᠩᠭᠡᠨ ᠰᠦ᠂ ᠰᠢᠩ ᠷᠠᠨ᠂ ᠵᠥᠩ ᠸᠠᠩ ᠵᠡᠷᠭᠡ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠤᠨ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ᠮᠠᠯ ᠰᠦᠷᠦᠭ ᠬᠤᠷᠠᠵᠤ᠂ ᠠᠵᠤ ᠦᠢᠯᠡᠰ ᠡᠷᠴᠢᠮᠯᠢᠭ᠂ ᠮᠠᠯ ᠠᠵᠤ ᠠᠬᠤᠢ ᠪᠠᠷ ᠲᠣᠯᠣᠭᠠᠶᠢᠯᠠᠭᠤᠯᠵᠤ᠂ ᠠᠵᠤ ᠦᠢᠯᠡᠳᠪᠦᠷᠢ ᠪᠠᠷ ᠲᠡᠭᠦᠰᠬᠡᠵᠦ᠂ ᠨᠢᠭᠡ ᠠᠵᠤ ᠠᠬᠤᠶᠢᠯᠠᠯ ᠢᠶᠠᠷ ᠨᠢᠭᠡ ᠣᠷᠣᠨ ᠪᠦᠰᠡ ᠶᠢᠨ ᠠᠵᠤ ᠦᠢᠯᠡᠰ ᠤᠨ ᠲᠥᠪᠯᠡᠷᠡᠯ ᠢ ᠳᠠᠶᠢᠴᠢᠯᠠᠵᠤ᠂ ᠨᠢᠭᠡ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠤᠨ ᠬᠦᠷᠢᠶᠡᠯᠡᠩ ᠲᠣᠭᠤᠷᠢᠭ ᠪᠠᠶᠢᠭᠤᠯᠵᠤ᠂ ᠰᠠᠭᠤᠷᠢᠨ ᠭᠠᠵᠠᠷ ᠪᠠᠶᠢᠭᠤᠯᠵᠤ᠂ ᠵᠢᠱᠢᠶ᠎ᠡ ᠦᠵᠡᠭᠦᠯᠬᠦ︾ ᠮᠠᠯᠴᠢᠨ ᠲᠠᠷᠢᠶᠠᠴᠢᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠲᠥᠷᠥᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ  ᠪᠠᠶᠠᠨᠪᠤᠯᠠᠭ ᠪᠠᠯᠭᠠᠰᠤ ᠶᠢᠨ ᠲᠦᠮᠡᠨ ᠮᠦ ᠶᠢᠨ ᠥᠨᠳᠥᠷ ᠪᠠᠷᠢᠮᠵᠢᠶᠠᠲᠤ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠲᠠᠪᠤᠨ ᠮᠢᠩᠭᠠᠨ ᠮᠦ ᠶᠢᠨ ᠪᠤᠭᠤᠳᠠᠢ ᠶᠢᠨ ᠲᠠᠷᠠᠭ᠎ᠠ ᠶᠢᠨ ᠳᠠᠬᠢᠨ ᠳᠠᠷᠢᠬᠤ ᠰᠠᠭᠤᠷᠢᠨ ᠭᠠᠵᠠᠷ᠂  ᠬᠥᠬᠡ ᠥᠨᠳᠥᠷ ᠪᠠᠯᠭᠠᠰᠤ ᠶᠢᠨ ᠲᠠᠪᠤᠨ ᠮᠢᠩᠭᠠᠨ ᠮᠦ ᠶᠢᠨ ᠰᠢᠷ᠎ᠠ ᠪᠤᠷᠴᠠᠭ ᠡᠷᠳᠡᠨᠢ ᠰᠢᠰᠢ ᠶᠢᠨ ᠠᠯᠠᠭᠯᠠᠨ ᠳᠠᠷᠢᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ 2 ᠲᠦᠮᠡᠨ ᠮᠦ ᠶᠢᠨ ᠣᠷᠭᠠᠨᠢᠭ ᠲᠡᠵᠢᠭᠡᠯ ᠡᠪᠡᠰᠦ ᠳᠠᠷᠢᠬᠤ᠂ ᠤᠩᠭᠠᠶ ᠰᠤᠮᠤ ᠶᠢᠨ ᠲᠦᠮᠡᠨ ᠮᠦ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠣᠶᠤᠨᠴᠢᠯᠠᠨ ᠳᠠᠷᠢᠵᠤ ᠨᠠᠶᠢᠳᠠᠨ ᠬᠠᠮᠢᠶᠠᠷᠤᠭᠤᠯᠬᠤ ᠰᠠᠭᠤᠷᠢᠨ ᠭᠠᠵᠠᠷ᠂ ᠴᠣᠭᠲᠤ ᠶᠡᠷᠮ᠎ᠡ ᠳᠠᠷᠢᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠵᠢᠯ ᠤᠨ ᠳᠣᠲᠣᠷ᠎ᠠ ᠪᠠᠶᠠᠨᠪᠤᠯᠠᠭ ᠪᠠᠯᠭᠠᠰᠤᠨ ᠤ ᠲᠦᠮᠡᠨ ᠦᠬᠡᠷ ᠠᠯᠠᠰᠢᠨ ᠦᠬᠡᠷ ᠤᠨ ᠰᠠᠭᠤᠷᠢᠨ ᠭᠠᠵᠠᠷ᠂ ᠤᠯᠠᠭᠠᠨ ᠲᠡᠮᠡᠭᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠥᠬᠡᠬᠤᠲᠠ ᠪᠠᠯᠭᠠᠰᠤᠨ ᠤ ᠱᠧᠦ ᠨᠦᠩ ᠴᠢᠩ ᠾᠧ ᠲᠠᠷᠢᠶᠠᠯᠠᠩ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂  ᠴᠣᠭ᠋ᠥ᠌ᠨᠳᠥᠷ ᠪᠠᠯᠭᠠᠰᠤᠨ ᠤ ᠶᠢᠩᠰᠦ ᠶᠢᠨ ᠲᠦᠮᠡᠨ ᠣᠷᠭᠢᠯ ᠤᠨ ᠲᠡᠮᠡᠭᠡ ᠲᠣᠬᠤᠬᠤ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠠᠯᠵᠢᠬᠤ ᠣᠷᠣᠨ ᠳᠤ 3 ᠲᠦᠮᠡᠨ ᠮᠦ ᠣᠷᠬᠢᠴᠠ ᠣᠶ ᠳᠤ ᠴᠠᠭᠠᠨ ᠭᠤᠶᠣᠣ ᠲᠣᠬᠤᠵᠤ ᠳᠠᠷᠢᠬᠤ ᠲᠥᠷᠥᠯ ᠵᠦᠢᠯ ᠢ ᠲᠦᠯᠬᠢᠨ ᠠᠬᠢᠭᠤᠯᠵᠤ᠂ ︽ᠡᠯᠡᠰᠦ ᠮᠠᠩᠬ᠎ᠠ ᠶᠢ ᠨᠣᠭᠤᠭᠠᠷᠠᠭᠤᠯᠬᠤ᠂ ᠠᠵᠤ ᠦᠢᠯᠡᠰ ᠤᠨ ᠥᠷᠲᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ︾ ᠰᠠᠶᠢᠨ ᠡᠷᠭᠢᠯᠲᠡᠲᠦ ᠬᠥᠭᠵᠢᠯᠲᠡ ᠶᠢᠨ ᠵᠠᠮ ᠢ ᠨᠡᠭᠡᠭᠡᠨ᠎ᠡ᠃      ᠭᠤᠷᠪᠠ ᠳᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠨᠥᠬᠦᠴᠡᠯ ᠪᠣᠯᠣᠨ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠰᠠᠶᠢᠨ ᠰᠠᠶᠢᠬᠠᠨ ᠠᠮᠢ ᠠᠬᠤᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠤᠯᠭᠠᠭᠤᠷᠢᠯᠠᠬᠤ ᠴᠡᠭ ᠪᠣᠯᠭᠠᠵᠤ᠂ ᠮᠠᠯᠴᠢᠨ ᠲᠠᠷᠢᠶᠠᠴᠢᠨ ᠢ ᠪᠣᠬᠢᠷᠳᠤᠯ ᠦᠭᠡᠢ ᠣᠷᠣᠨ ᠵᠠᠢ ᠶᠢᠨ ᠰᠠᠬᠢᠨ ᠬᠠᠮᠠᠭᠠᠯᠠᠭᠴᠢ ᠪᠣᠯᠭᠠᠵᠤ᠂ ᠨᠡᠩ ᠲᠠᠭᠠᠯᠠᠮᠵᠢᠲᠠᠢ᠂ ᠡᠶ᠎ᠡ ᠵᠣᠬᠢᠴᠠᠩᠭᠤᠢ᠂ ᠪᠣᠯᠪᠠᠰᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠡᠭᠦᠳᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠳᠠ ᠬᠥᠳᠡᠭᠡ ᠳᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠵᠡᠷᠭᠡᠪᠡᠷ ᠠᠬᠢᠭᠤᠯᠵᠤ ᠂ ᠪᠠᠷᠢᠯᠭ᠎ᠠ ᠶᠢᠨ ᠬᠠᠭᠠᠷᠬᠠᠢ ᠲᠣᠭᠤᠰᠬ᠎ᠠ᠂ ᠵᠠᠮ ᠡᠩᠬᠦᠯ ᠳᠤᠩᠬᠤᠯ᠂ ᠲᠠᠷᠢᠶᠠᠨ ᠭᠠᠵᠠᠷ ᠨᠤᠲᠤᠭ ᠪᠡᠯᠴᠢᠭᠡᠷ ᠤᠨ ᠴᠠᠭᠠᠨ ᠥᠩᠭᠡᠲᠦ ᠬᠤᠭ ᠨᠣᠪᠰᠢ ᠵᠡᠷᠭᠡ ᠠᠰᠠᠭᠤᠳᠠᠯ ᠳᠤ ᠴᠢᠭᠯᠡᠭᠦᠯᠦᠨ ᠭᠦᠨᠵᠡᠭᠡᠢ ᠪᠠᠶᠢᠴᠠᠭᠠᠨ ᠳᠡᠯᠭᠡᠵᠦ ᠴᠡᠭᠴᠡᠯᠡᠨ ᠵᠠᠰᠠᠵᠤ᠂ ᠬᠤᠳᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠪᠡᠷ ᠲᠠᠭᠠᠯᠠᠮᠵᠢᠲᠠᠢ ᠪᠠᠶᠢᠬᠤ ᠶᠢ ᠪᠠᠲᠤᠯᠠᠨ᠎ᠠ᠃ ᠪᠥᠬᠦ ᠬᠤᠰᠢᠭᠤᠨ ᠤ 31 ᠬᠤᠭᠤᠴᠠᠭᠠᠨ ᠳᠤ ᠪᠠᠶᠢᠭ᠎ᠠ ᠠᠭᠤᠷᠬᠠᠢ᠂ ᠢᠯᠠᠩᠭᠤᠶ᠎ᠠ 15 ᠵᠠᠳᠠᠭᠠᠢ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠥᠯᠢᠭᠡᠷ ᠳᠠᠭᠤᠷᠢᠶᠠᠯ ᠪᠣᠯᠬᠤ ᠬᠡᠷᠡᠭᠲᠡᠢ᠃ ᠣᠷᠣᠰᠢᠭᠤᠯᠭ᠎ᠠ  ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ  ᠢ ᠲᠤᠰᠬᠠᠢ ᠴᠡᠭᠴᠡᠯᠡᠨ ᠵᠠᠰᠠᠬᠤ ᠠᠵᠢᠯ  ᠢ ᠢᠳᠡᠪᠬᠢᠲᠡᠢ ᠥᠷᠨᠢᠭᠦᠯᠵᠦ᠂ 16711 ᠣᠩᠭᠤᠨ  ᠢ ᠣᠳᠣᠬᠠᠨ ᠳᠤ 48%  ᠠᠴᠠ ᠳᠡᠭᠡᠭᠰᠢ ᠴᠡᠭᠴᠡᠯᠡᠨ ᠵᠠᠰᠠᠵᠤ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ ᠠᠭᠤᠯᠠ ᠳᠠᠭᠠᠤ ᠭᠠᠵᠠᠷ ᠣᠷᠣᠨ ᠳᠤ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠵᠤ ᠨᠤᠲᠤᠭ ᠪᠡᠯᠴᠢᠭᠡᠷ  ᠢ ᠡᠵᠡᠯᠡᠬᠦ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ  ᠶᠢ ᠬᠤᠷᠢᠭᠯᠠᠵᠤ᠂ ᠤᠷᠠᠳ ᠤᠨ ᠬᠤᠶᠢᠲᠤ ᠬᠤᠰᠢᠭᠤᠨ ᠤ ᠠᠭᠤᠯᠠ ᠤᠰᠤ  ᠶᠢ ᠴᠡᠪᠡᠷ ᠲᠤᠩᠭᠠᠯᠠᠭ ᠪᠣᠯᠭᠠᠪᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠡᠳᠬᠢᠯ ᠲᠠᠯᠪᠢᠨ ᠬᠦᠴᠦᠯᠡᠨ ᠰᠠᠶᠢᠲᠤᠷ ᠠᠳᠬᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠤᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠥᠯᠢᠭᠡᠷ ᠳᠠᠭᠤᠷᠢᠶᠠᠯ ᠦᠵᠡᠭᠦᠯᠬᠦ ᠲᠣᠰᠬᠤᠨ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠢ ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠢ ᠡᠵᠡᠨ ᠮᠡᠳᠡᠨ ᠰᠣᠩᠭᠤᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠶᠢ ︽ᠬᠤᠣᠰ ᠵᠠᠭᠤᠨ︾ ᠳᠤ ᠬᠦᠷᠦᠭᠦᠯᠬᠦ ᠶᠢ ᠪᠠᠲᠤᠯᠠᠨ᠎ᠠ᠃ ᠡᠯ᠎ᠡ ᠰᠤᠮᠤ ᠪᠠᠯᠭᠠᠰᠤ ᠢᠯᠠᠩᠭᠤᠶ᠎ᠠ ᠬᠤᠶᠢᠲᠤ ᠠᠭᠤᠯᠠ ᠰᠤᠮᠤ ᠪᠠᠯᠭᠠᠰᠤ ᠶᠢᠨ ᠬᠤᠭ ᠨᠣᠪᠰᠢ ᠬᠤᠳᠠᠯᠳᠤᠨ ᠠᠪᠴᠤ ᠬᠠᠳᠠᠭᠠᠯᠠᠬᠤ᠂ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ︽ᠰᠣᠳᠣᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃1481 ᠡᠷᠦᠬᠡ ᠲᠠᠷᠠᠬᠠᠢ ᠪᠤᠲᠠᠷᠬᠠᠢ ᠮᠠᠯᠵᠢᠬᠤ ᠡᠷᠦᠬᠡ ᠶᠢᠨ ︽ᠣᠶᠤᠨᠲᠤ ᠷᠠᠳᠢᠣ᠋ ᠲᠧᠯᠸᠢᠰ︾ ᠢ ᠪᠦᠷᠢᠨ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠮᠠᠯᠴᠢᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠠᠵᠢᠯ ᠤᠨ ᠪᠠᠶᠢᠭᠤᠯᠤᠯ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ︽ᠵᠠᠮ ᠤᠨ ᠳᠠᠷᠤᠭ᠎ᠠ ᠶᠢᠨ ᠳᠦᠷᠢᠮ︾ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ︽ᠭᠤᠣᠯ ᠤᠨ ᠳᠠᠷᠤᠭ᠎ᠠ ᠶᠢᠨ ᠳᠦᠷᠢᠮ︾ ᠢ ᠦᠷᠭᠦᠯᠵᠢᠯᠡᠨ ᠲᠡᠭᠦᠯᠳᠡᠷᠵᠢᠭᠦᠯᠵᠦ᠂ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠪᠠᠷ ᠬᠠᠷᠠᠯᠲᠠ ᠪᠣᠯᠭᠠᠨ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠪᠦᠰᠡ ᠨᠢᠭᠡᠪᠦᠷᠢ ᠳᠤ ᠬᠠᠮᠢᠶᠠᠷᠬᠤ ᠬᠥᠮᠥᠨ ᠲᠠᠢ᠂ ᠲᠥᠷᠥᠯ ᠵᠦᠢᠯ ᠨᠢᠭᠡᠪᠦᠷᠢ ᠳᠤ ᠠᠩᠬᠠᠷᠬᠤ ᠬᠥᠮᠥᠨ ᠲᠠᠢ᠂ ᠬᠠᠮᠢᠶᠠᠷᠤᠯᠲᠠ ᠳᠤ ᠦᠷ᠎ᠡ ᠪᠦᠲᠦᠮᠵᠢ ᠭᠠᠷᠭᠠᠵᠤ᠂ ᠠᠬᠢᠴᠠ ᠶᠢ ᠠᠳᠬᠤᠬᠤ ᠶᠢ ᠦᠨᠡᠨᠬᠦ ᠪᠠᠲᠤᠯᠠᠬᠤ ᠬᠡᠷᠡᠭᠲᠡᠢ᠃      ᠳᠥᠷᠪᠡ ᠳᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡᠨ ᠶᠡᠭᠡ ᠪᠠᠶᠢᠯᠳᠤᠬᠤ ᠪᠣᠳᠣᠯᠭ᠎ᠠ ᠮᠥᠨ᠂ ᠡᠷᠬᠡᠪᠰᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠥᠮ ᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ ᠡᠮᠬᠢ ᠳᠢᠭᠯᠢᠮ ᠲᠠᠢ ᠪᠣᠯᠭᠠᠬᠤ ᠬᠡᠷᠡᠭᠲᠡᠢ᠃ ᠰᠠᠭᠤᠷᠢ ᠵᠠᠰᠠᠯᠲᠠ ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠤᠪᠤᠶᠢᠯᠭᠠᠬᠤ ᠬᠡᠷᠡᠭᠲᠡᠢ᠃ ︽1+N︾  ᠤ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠠᠭᠪᠤᠷ ᠢ ᠰᠠᠶᠢᠲᠤᠷ ᠬᠡᠷᠡᠭᠯᠡᠵᠦ᠂ ᠡᠷᠡᠰ ᠭᠤᠶᠢᠪᠢᠰᠢ ᠦᠭᠡᠢ ᠪᠠᠷ ᠪᠣᠳᠠᠲᠠᠶᠢᠵᠢᠭᠤᠯᠵᠤ᠂ ᠲᠤᠰᠬᠠᠶᠢᠵᠢᠭᠤᠯᠵᠤ᠂ ᠲᠣᠣᠷᠵᠢᠭᠤᠯᠤᠭᠰᠠᠨ ᠵᠠᠰᠠᠯᠲᠠ ᠶᠢ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠵᠡᠷᠭᠡ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢᠶᠠᠷ ᠭᠠᠷᠳᠠᠴᠠ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠤᠣᠯ ᠠᠷᠭ᠎ᠠ ᠬᠡᠯᠪᠡᠷᠢ ᠪᠣᠯᠭᠠᠵᠤ᠂ ᠤᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠨᠢᠭᠲᠠᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠠᠨ ᠲᠦᠮᠡᠨ ᠤ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠩᠨᠡᠭᠡ ᠶᠢ ᠪᠠᠶᠢᠭᠤᠯᠤᠨ᠎ᠠ᠃ ᠲᠣᠰᠬᠤᠨ ᠳᠤ ᠰᠠᠭᠤᠬᠤ ᠠᠵᠢᠯ ᠤᠨ ᠡᠩᠨᠡᠭᠡ ᠶᠢ ᠰᠢᠨ᠎ᠡ ᠪᠠᠷ ᠡᠮᠬᠢᠯᠡᠨ ᠳᠢᠭᠯᠡᠵᠦ᠂ ︽ᠰᠢᠯᠢᠳᠡᠭ ᠠᠴᠠ ᠰᠢᠯᠢᠳᠡᠭ ᠢ ᠰᠣᠩᠭᠤᠬᠤ᠂ ᠰᠢᠯᠢᠳᠡᠭ ᠠᠴᠠ ᠰᠢᠯᠢᠳᠡᠭ ᠢ ᠰᠣᠩᠭᠤᠬᠤ︾ ᠵᠠᠷᠴᠢᠮ ᠢ ᠪᠠᠷᠢᠮᠲᠠᠯᠠᠨ᠂ ︽ᠰᠢᠯᠢᠳᠡᠭ ᠴᠡᠷᠢᠭ ᠬᠦᠴᠦᠷᠬᠡᠭ ᠵᠠᠩᠵᠤᠨ︾ ᠢ 33 ᠲᠣᠮᠢᠯᠠᠵᠤ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ ᠢᠯᠡ ᠲᠣᠳᠣ ᠤᠳᠤᠷᠢᠳᠤᠮᠵᠢ  ᠶᠢ ᠪᠣᠶ ᠪᠣᠯᠭᠠᠵᠤ᠂ ᠴᠢᠳᠠᠪᠤᠷᠢ  ᠶᠢ ᠲᠡᠷᠢᠭᠦᠨ ᠳᠤ ᠲᠠᠯᠪᠢᠬᠤ  ᠶᠢ ᠲᠣᠪᠤᠶᠢᠯᠭᠠᠨ᠂ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠺᠠᠳ᠋ᠷ  ᠢ ᠢᠯᠭᠠᠨ ᠲᠠᠨᠢᠵᠤ᠂ ᠺᠠᠳ᠋ᠷ  ᠢ ᠢᠯᠡᠷᠡᠭᠦᠯᠵᠦ᠂ ᠺᠠᠳ᠋ᠷ  ᠢ ᠬᠡᠷᠡᠭᠯᠡᠵᠦ᠂ ᠨᠠᠩ ᠣᠯᠠᠨ ᠰᠢᠯᠢᠳᠡᠭ ᠵᠠᠯᠠᠭᠤ ᠺᠠᠳ᠋ᠷ  ᠢ ᠪᠡᠷᠬᠡ ᠬᠠᠲᠠᠭᠤᠵᠢᠯᠲᠠᠢ ᠡᠮᠦᠨ᠎ᠡ ᠹᠷᠣᠨᠲ ᠲᠤ ᠰᠣᠩᠭᠤᠨ ᠪᠣᠯᠪᠠᠰᠤᠷᠠᠭᠤᠯᠵᠤ᠂ ᠪᠥᠬᠦ ᠬᠤᠰᠢᠭᠤᠨ ᠤ ᠺᠠᠳ᠋ᠷ ᠤᠨ ᠡᠩᠨᠡᠭᠡ  ᠶᠢᠨ ᠶᠡᠷᠦᠩᠬᠡᠢ ᠴᠢᠳᠠᠪᠤᠷᠢ  ᠶᠢᠨ ᠬᠢᠷᠢ ᠲᠦᠪᠰᠢᠨ  ᠢ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦᠯ ᠲᠡᠮᠳᠡᠭ ᠢ ᠢᠳᠡᠪᠬᠢᠲᠡᠢ ᠡᠭᠦᠳᠦᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ ᠬᠠᠮᠲᠤ ᠶᠢᠨ ᠠᠵᠤ ᠠᠬᠤᠢ ᠶᠢᠨ ︽ᠬᠦᠯᠢᠶᠡᠰᠦᠯᠡᠬᠦ ᠮᠠᠶ᠋ᠢᠭ︾ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠬᠡᠪᠴᠢᠶ᠎ᠡ ᠶᠢ ᠥᠷᠭᠡᠳᠬᠡᠵᠦ᠂ ᠵᠢᠯ ᠤᠨ ᠳᠣᠲᠣᠷ᠎ᠠ ᠪᠥᠬᠦ ᠬᠤᠰᠢᠭᠤᠨ ᠤ ᠪᠣᠶ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠴᠥᠮ 15 ᠲᠦᠮᠡᠨ ᠲᠥᠭᠦᠷᠢᠭ ᠠᠴᠠ ᠳᠠᠪᠠᠭᠤᠯᠬᠤ ᠶᠢ ᠪᠡᠶᠡᠯᠡᠭᠦᠯᠵᠦ᠂ ᠳ᠋ᠦᠩᠱᠧᠩ ᠲᠣᠰᠬᠤᠨ ᠤ ᠣᠷᠣᠯᠭ᠎ᠠ ᠶᠢ 200 ᠲᠦᠮᠡᠨ ᠲᠥᠭᠦᠷᠢᠭ ᠠᠴᠠ ᠳᠠᠪᠠᠭᠤᠯᠵᠤ᠂ ᠠᠪᠷᠲᠤ᠂ ᠪᠦᠯᠬᠦᠮᠳᠡᠯ ᠲᠣᠰᠬᠤᠨ ᠤ 2 ᠭᠠᠴᠠᠭ᠎ᠠ ᠲᠣᠰᠬᠤᠨ ᠢ 100 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠬᠤᠲᠠ ᠶᠢᠨ ᠲᠠᠰ  ᠠᠴᠠ ᠳᠡᠭᠡᠭᠰᠢᠬᠢ ᠵᠢᠱᠢᠶ᠎ᠡ ᠦᠵᠡᠭᠦᠯᠬᠦ ᠴᠢᠭ᠋ ᠢ 1 ᠪᠣᠶ ᠪᠣᠯᠭᠠᠵᠤ᠂ ︽ᠨᠢᠭᠡ ᠴᠢᠭ᠋ ᠢ ᠪᠠᠶᠢᠭᠤᠯᠤᠨ ᠬᠦᠴᠦᠷᠬᠡᠭᠵᠢᠭᠦᠯᠵᠦ᠂ ᠨᠢᠭᠡ ᠱᠤᠭᠤᠮ ᠪᠣᠯᠭᠠᠨ ᠬᠤᠯᠪᠣᠵᠤ᠂ ᠨᠢᠭᠡ ᠲᠠᠯ᠎ᠠ ᠶᠢ ᠳᠠᠶᠢᠴᠢᠯᠠᠬᠤ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ