ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/12/5
      ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠷᠴᠢ ᠵᠣᠷᠢᠭ ᠢᠶᠠᠨ ᠬᠥᠪᠴᠢᠯᠡᠨ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ      ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠶᠢ ᠰᠤᠷᠪᠤᠯᠵᠢᠯᠠᠭᠰᠠᠨ ᠨᠢ      ᠣᠶᠢᠷ᠎ᠠ ᠳᠤ᠂ ᠰᠤᠷᠪᠤᠯᠵᠢᠯᠠᠭᠴᠢ ᠰᠢ ᠶᠢᠨ ᠫᠢᠩ ᠬᠤᠲᠠ ᠶᠢᠨ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠠᠷᠭ᠎ᠠ ᠬᠡᠮᠵᠢᠶ᠎ᠡ ᠶᠢᠨ ᠲᠤᠬᠠᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠶᠢ ᠰᠤᠷᠪᠤᠯᠵᠢᠯᠠᠪᠠ᠃      ︽ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠳᠠᠭᠠᠨ ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠶᠢᠨ ᠢᠯᠡᠷᠡᠭᠦᠯᠦᠭᠰᠡᠨ ᠴᠢᠬᠤᠯᠠ ᠲᠠᠨᠢᠯᠲᠠ ᠶᠢ ᠭᠦᠨᠵᠡᠭᠡᠢ ᠳ᠋ᠦᠩᠨᠡᠵᠦ᠂ ᠪᠦᠬᠦ ᠲᠠᠯ᠎ᠠ ᠪᠣᠯᠣᠨ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠰᠢᠨ᠎ᠡ ᠬᠥᠭᠵᠢᠯᠲᠡ ᠶᠢᠨ ᠱᠠᠲᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠣᠯᠣᠨ ᠠᠵᠢᠯᠯᠠᠭᠠᠨ ᠤ ᠵᠦᠭᠯᠡᠭᠦᠷ ᠬᠠᠩᠭᠠᠵᠠᠢ︾᠃ ᠾᠧ ᠸᠧᠢ ᠬᠤᠸᠠ ᠢᠯᠡᠷᠬᠡᠶᠢᠯᠡᠬᠦ ᠳᠡᠭᠡᠨ᠂ ᠪᠠᠶᠠᠨᠨᠠᠭᠤᠷ ᠬᠤᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠬᠤ  ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ︽ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠬᠦ ᠬᠡᠷᠡᠭᠲᠡᠢ᠃      ᠨᠢᠭᠡ ᠳᠤ᠂ ︽ᠲᠠᠪᠤᠨ ᠵᠠᠪᠠᠯ ᠶᠠᠪᠤᠬᠤ ᠵᠠᠮ︾  ᠢ ᠡᠷᠡᠰ ᠪᠠᠲᠤ ᠰᠠᠶᠢᠲᠤᠷ ᠵᠠᠮᠨᠠᠵᠤ᠂ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ︽ᠲᠠᠪᠤᠨ ᠵᠠᠪᠠᠯ ᠶᠠᠪᠤᠬᠤ ᠵᠠᠮ︾ ᠪᠣᠯ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠶᠠᠯᠢᠭᠵᠢᠯ ᠪᠠ ᠬᠥᠭᠵᠢᠯᠲᠡ ᠪᠣᠯᠣᠨ᠎ᠠ᠂ ᠮᠥᠨᠴᠦ ᠪᠢᠳᠡᠨ ᠤ ᠢᠷᠡᠭᠡᠳᠦᠢ ᠳᠤ ᠦᠷᠭᠦᠯᠵᠢᠯᠡᠨ ᠠᠮᠵᠢᠯᠲᠠ ᠣᠯᠬᠤ ᠶᠢᠨ ᠭᠦ᠋ᠨ ᠤ ᠨᠢᠭᠤᠴᠠ ᠲᠡᠮᠳᠡᠭ ᠪᠣᠯᠣᠨ᠎ᠠ᠃ ︽ᠲᠠᠪᠤᠨ ᠵᠠᠪᠠᠯ ᠶᠠᠪᠤᠬᠤ ᠵᠠᠮ︾ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠵᠣᠷᠢᠭ ᠰᠠᠨᠠᠭ᠎ᠠ ᠪᠠᠨ ᠥᠯᠥ ᠥᠭᠡᠷᠡᠴᠢᠯᠡᠬᠦ᠂ ᠵᠠᠮ ᠢᠶᠠᠨ ᠥᠯᠥ ᠬᠤᠪᠢᠷᠠᠭᠤᠯᠬᠤ ᠢᠲᠡᠭᠡᠯ ᠵᠣᠷᠢᠭ ᠢᠶᠠᠨ ᠦᠨᠡᠨᠬᠦ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ  ᠠᠴᠠ ᠪᠠᠨ ᠡᠭᠦᠷᠭᠡᠯᠡᠵᠦ᠂ ᠰᠠᠶᠢᠲᠤᠷ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠴᠢᠩ ᠰᠡᠳᠬᠢᠯ ᠤᠨ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠬᠠᠮᠰᠠᠷ ᠠᠴᠠ ᠪᠠᠨ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠵᠢᠯ ᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠬᠦ ᠦᠭᠡᠢ ᠪᠠᠶᠢᠬᠤ ᠬᠡᠷᠡᠭᠲᠡᠢ᠃ ᠡᠩ ᠤᠨ ᠦᠶ᠎ᠡ ᠳᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠵᠤ᠂ ᠠᠵᠢᠯᠯᠠᠭ᠎ᠠ ᠶᠢ ᠴᠢᠬᠤᠯᠠᠴᠢᠯᠠᠵᠤ᠂ ᠦᠨᠳᠦᠰᠦᠨ ᠱᠠᠲᠤᠨ ᠳᠤ ᠪᠠᠶᠢᠬᠤ ᠶᠢ ᠴᠢᠬᠤᠯᠠᠴᠢᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠢᠯᠡ ᠪᠥᠭᠡᠳ ᠲᠥᠷᠥᠭᠳᠡᠯ ᠲᠠᠢ ᠪᠥᠭᠡᠳ ᠪᠦᠲᠦᠮᠵᠢᠲᠡᠶ ᠪᠠᠷ ᠰᠠᠶᠢᠲᠤᠷ ᠥᠷᠨᠢᠭᠦᠯᠬᠦ ᠶᠢ ᠪᠠᠷᠢᠮᠲᠠᠯᠠᠨ᠎ᠠ᠃ ᠪᠠᠶᠠᠨᠨᠠᠭᠤᠷ ᠤᠨ ᠦᠨᠳᠦᠰᠦᠲᠡᠨ ᠨᠦᠭᠦᠳ ᠪᠦᠯᠬᠦᠮᠳᠡᠨ ᠲᠡᠮᠡᠴᠡᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠲᠡᠦᠬᠡ ᠶᠢᠨ ᠪᠣᠳᠠᠲᠤ ᠬᠡᠷᠡᠭ ᠢ ᠭᠦᠨᠵᠡᠭᠡᠢ ᠠᠭᠤᠳᠠᠯᠯᠠᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ  ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ  ᠶᠢ ᠪᠠᠲᠤ ᠪᠠᠬᠢ ᠪᠤᠢ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠦᠯᠭᠡ ᠵᠡᠷᠭᠡ ᠲᠠᠯ᠎ᠠ ᠳᠤ ᠨᠠᠷᠢᠨ ᠨᠢᠭᠲᠠ ᠢᠯᠡᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠬᠥᠭᠵᠢᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠡᠭᠦᠷᠢᠳᠡ ᠪᠠᠬᠢᠵᠢᠭᠦᠯᠦᠨ᠎ᠡ᠃      ᠭᠤᠷᠪᠠ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠭᠯᠡᠯ ᠢ ᠬᠠᠷᠠᠭᠠᠯᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃  ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠤᠬᠠᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠶᠢ ᠠᠭᠤᠰᠤᠯᠴᠠᠭᠤᠯᠤᠨ ᠨᠡᠮᠡᠭᠳᠡᠭᠦᠯᠬᠦ ᠭᠤᠷᠪᠠᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠤᠯᠤᠰ ᠤᠨ ᠲᠠᠷᠢᠶᠠᠯᠠᠩ ᠥᠨᠳᠥᠷ ᠣᠷᠣᠨ ᠤ ᠵᠥᠪᠰᠢᠶᠡᠷᠡᠯ ᠣᠯᠣᠭᠰᠠᠨ ᠪᠦᠲᠦᠭᠡᠨ ᠪᠠᠶᠢᠭᠤᠯᠤᠯᠲᠠ ᠪᠠ ᠦᠷ᠎ᠡ ᠡᠳ᠋ ᠤᠨ ᠭᠧᠨ ᠤ ᠬᠥᠮᠥᠷᠭᠡ ᠶᠢ ᠲᠠᠰ ᠳᠡᠪᠰᠢᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠳᠠᠪᠠᠭᠤᠯᠢᠭ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠣᠷᠣᠨ ᠢ ᠴᠢᠷᠮᠠᠶᠢᠨ ᠪᠠᠶᠢᠭᠤᠯᠤᠨ᠎ᠠ᠃ ᠶᠡᠷᠦᠩᠬᠡᠢ ᠱᠦᠵᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠠᠭᠠᠷᠮᠠᠭᠵᠢᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠰᠲ᠋ᠥᠮ ᠤᠨ ᠦᠵᠡᠯᠲᠡ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠪᠣᠬᠢᠷᠳᠤᠯ ᠦᠭᠡᠢ ᠶᠢ ᠥᠷᠭᠡᠳᠬᠡᠬᠦ᠂ ᠨᠡᠮᠡᠭᠳᠡᠯ ᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠰᠠᠭᠤᠷᠢᠨ︾ ︽ᠲᠦᠷᠪᠡᠨ ᠪᠦᠯᠦᠭᠯᠡᠯ︾ ᠢ ᠪᠠᠶᠢᠭᠤᠯᠬᠤ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠠᠯ᠎ᠠ ᠪᠠᠷ ᠦᠨᠡᠨ ᠪᠣᠳᠠᠲᠠᠢ ᠠᠯᠬᠤᠮ ᠢ ᠠᠯᠬᠤᠬᠤ ᠪᠠᠷ ᠴᠢᠷᠮᠠᠶᠢᠨ᠎ᠠ᠃      ᠳᠥᠷᠪᠡ ᠳᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠵᠢᠯ ᠢ ᠴᠥᠬᠦᠷᠡᠰᠢ ᠦᠭᠡᠢ ᠴᠢᠩᠭ᠎ᠠ ᠠᠳᠬᠤᠨ ᠨᠠᠷᠢᠨ ᠠᠳᠬᠤᠵᠤ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠪᠠᠶᠢᠩᠭᠤᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃      ᠲᠠᠪᠤ ᠳᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠬᠡᠵᠢᠶᠡᠳᠡ ᠵᠠᠮ ᠵᠠᠭᠤᠷ᠎ᠠ ᠪᠠᠨ ᠰᠡᠷᠭᠡᠭ ᠪᠠᠶᠢᠬᠤ ᠪᠠ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭ᠎ᠠ ᠪᠣᠳᠠᠲᠠᠢ ᠪᠠᠷ ᠰᠠᠶᠢᠲᠤᠷ ᠠᠳᠬᠤᠵᠤ᠂ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠢᠯᠵᠠᠷᠠᠯ ᠢ ᠵᠠᠯᠬᠠᠭᠠᠨ ᠰᠢᠢᠳᠬᠡᠵᠦ᠂ ᠬᠢᠨᠠᠯᠲᠠ ᠲᠠᠯᠪᠢᠬᠤ ᠪᠠᠨ ᠴᠢᠩᠭᠠᠳᠬᠠᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠵᠢᠳᠬᠦᠯ ᠴᠢᠷᠮᠠᠶᠢᠯᠭ᠎ᠠ ᠪᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠺᠠᠳ᠋ᠷ ᠤᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ᠂ ᠠᠵᠢᠯ ᠤᠨ ᠰᠤᠷᠲᠠᠯ ᠢ ᠶᠡᠭᠡ ᠪᠠᠷ ᠬᠤᠪᠢᠷᠠᠭᠤᠯᠬᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠶᠡᠭᠡ ᠪᠠᠷ ᠲᠦᠷᠭᠡᠳᠬᠡᠬᠦ᠂ ᠬᠥᠭᠵᠢᠯᠲᠡ ᠶᠢᠨ ᠬᠦᠴᠦᠨ ᠢ ᠶᠡᠭᠡ ᠪᠠᠷ ᠲᠥᠪᠯᠡᠷᠡᠭᠦᠯᠬᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠬᠤ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠺᠠᠳ᠋ᠷ ᠤᠨ ᠡᠩᠨᠡᠭᠡ ᠶᠢᠨ ᠴᠤᠭ ᠰᠦᠯᠳᠡ ᠶᠢ ᠪᠥᠬᠦ ᠲᠠᠯ᠎ᠠ ᠪᠠᠷ ᠬᠥᠭᠵᠢᠭᠡᠨ ᠪᠠᠳᠠᠷᠠᠭᠤᠯᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠡᠷᠡᠮᠡᠯᠵᠡᠯ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠡᠨᠬᠦ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ