ᠵᠠᠰᠠᠭ ᠤᠨ ᠣᠷᠳᠣᠨ ᠤ ᠠᠵᠢᠯ ᠤᠨ ᠢᠯᠡᠳᠬᠡᠯ | | 2022 ᠣᠨ ᠤ 2 ᠰᠠᠷ᠎ᠠ ᠶᠢᠨ 12 ᠤᠨ ᠡᠳᠦᠷ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠡᠭᠡᠷ᠎ᠡ | | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠸᠠᠩ ᡁᠢ ᠫᠢᠩ | | | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠠᠴᠠ ᠨᠠᠭᠠᠰᠢ᠂ | ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠣᠭᠲᠠᠭᠠᠵᠤ ᠥᠭᠭᠦᠭᠰᠡᠨ ︽ᠬᠤᠶᠠᠷ ᠬᠠᠯᠬᠠᠪᠴᠢ ︾ ︽ ᠬᠤᠶᠠᠷ ᠰᠠᠭᠤᠷᠢᠨ ᠭᠠᠵᠠᠷ ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ ᠤᠯᠠᠭᠠᠨᠰᠤᠬᠠᠢ ᠨᠠᠭᠤᠷ ᠢ ᠵᠠᠰᠠᠬᠤ ᠪᠠ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠳᠤ ᠦᠶ᠎ᠡ ᠶᠢᠨ | ᠲᠠᠷᠢᠶᠠᠯᠠᠩ ᠢ ᠬᠥᠭᠵᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠲᠤ ᠲᠦᠰᠢᠭᠯᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠪᠢᠳᠡ ᠨᠡᠮᠡᠭᠳᠡᠯ ᠢ ᠲᠣᠭᠲᠠᠪᠤᠷᠢᠵᠢᠭᠤᠯᠤᠨ᠂ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ | ᠰᠢᠯᠢᠳᠡᠭᠵᠢᠪᠡ᠃ ᠠᠮᠤ ᠪᠤᠳᠠᠭᠠᠨ ᠤ ᠤᠨᠠᠯᠲᠠ ᠲᠣᠭᠲᠠᠭᠤᠨ ᠢᠶᠠᠷ ᠨᠡᠮᠡᠭᠳᠡᠵᠦ᠂ 56.2 ᠳ᠋ᠦᠩᠰᠢᠭᠤᠷ ᠵᠢᠩ ᠳᠤ ᠬᠦᠷᠴᠡᠢ︔ ᠠᠯᠠᠰᠢᠨ ᠬᠤᠨᠢᠨ ᠤ | ᠲᠡᠵᠢᠭᠡᠪᠦᠷᠢ ᠶᠢᠨ ᠬᠡᠮᠵᠢᠶ᠎ᠡ ᠶᠢ 2200 ᠲᠦᠮᠡᠨ ᠲᠣᠯᠣᠭᠠᠢ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠪᠥᠬᠦ ᠣᠷᠣᠨ ᠤ ᠨᠢᠭᠡᠳᠦᠭᠡᠷ ᠲᠤ ᠣᠷᠣᠪᠠ︔ | 199.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠰᠢᠨ᠎ᠡ ᠪᠠᠷ ᠨᠡᠮᠡᠭᠳᠡᠪᠡ︔ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠤᠭᠰᠠᠨ ᠪᠥᠭᠡᠳ ᠪᠥᠬᠦ ᠲᠠᠯ᠎ᠠ ᠪᠠᠷ ᠠᠯᠳᠠᠷᠰᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ | ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭ ᠵᠡᠷᠭᠡ 19 ᠵᠦᠢᠯ ᠤᠨ ᠲᠣᠮᠣ ᠱᠠᠩᠨᠠᠯ ᠢ ᠭᠥᠷᠳᠡᠪᠡ᠃ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠥᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 66.0% | ᠪᠠᠶᠢᠭᠰᠠᠨ ᠠᠴᠠ ᠪᠠᠨ 69.9% ᠪᠣᠯᠤᠨ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 13.6% ᠪᠠᠶᠢᠭᠰᠠᠨ ᠠᠴᠠ ᠪᠠᠨ 26.2% ᠪᠣᠯᠤᠨ ᠳᠡᠭᠡᠭᠰᠢᠯᠡᠪᠡ᠃ ᠤᠳᠤ ᠦᠶ᠎ᠡ ᠶᠢᠨ ᠮᠥᠩᠭᠦᠨ | ᠭᠦᠢᠯᠭᠡᠭᠡ᠂ ᠡᠯᠧᠺᠲᠷᠣᠨ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠩᠭᠦᠢ ᠪᠠᠷ | ᠬᠥᠭᠵᠢᠪᠡ᠃ | ᠪᠢᠳᠡ ᠬᠠᠮᠠᠭᠠᠯᠠᠬᠤ᠂ ᠵᠠᠰᠠᠬᠤ ᠶᠢ ᠴᠢᠩᠭᠠᠳᠬᠠᠬᠤ ᠶᠢ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠬᠠᠲᠤᠨ | ᠭᠤᠣᠯ ᠤᠨ ᠰᠠᠪᠠ ᠭᠠᠵᠠᠷ ᠤᠨ ᠮᠠᠨ ᠤ ᠬᠤᠲᠠ ᠶᠢᠨ ᠬᠢᠯᠢ ᠳᠣᠲᠣᠷᠠᠬᠢ ᠶᠡᠭᠡ ᠬᠠᠮᠠᠭᠠᠯᠠᠯᠲᠠ ᠶᠡᠭᠡ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ | ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠯᠤᠰ ᠤᠨ | ᠲᠤᠷᠰᠢᠯᠲᠠ ᠶᠢᠨ ᠢᠨᠵᠧᠨᠧᠷᠢᠩ ᠤᠨ ᠵᠥᠪᠰᠢᠶᠡᠷᠡᠯᠲᠡ ᠶᠢ ᠠᠮᠵᠢᠯᠲᠠ ᠲᠠᠢ ᠣᠯᠬᠤ ᠶᠢᠨ ᠬᠠᠮᠲᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ | ᠤᠯᠠᠭᠠᠨᠰᠤᠬᠠᠢ ᠨᠠᠭᠤᠷ ᠤᠨ ᠣᠷᠣᠨ ᠤ ᠤᠰᠤᠨ ᠤ ᠴᠢᠨᠠᠷ ᠢ V ᠲᠥᠷᠥᠯ ᠳᠤ ᠲᠣᠭᠲᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠲᠣᠰ ᠲᠣᠰ 2019᠂ | 2021 ᠣᠨ ᠳᠤ ᠵᠠᠰᠠᠯᠲᠠ ᠶᠢᠨ ᠠᠵᠢᠯ ᠢ ᠨᠤᠲᠠᠯᠠᠪᠠ᠃ 271.5 ᠲᠦᠮᠡᠨ ᠮᠦ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠣᠶ ᠰᠢᠭᠤᠢ ᠶᠢᠨ | ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠰ ᠲᠣᠰ 5.5%᠂ 26.9% | ᠪᠠᠶᠢᠭᠰᠠᠨ ᠠᠴᠠ ᠪᠠᠨ ᠳᠡᠭᠡᠭᠰᠢᠯᠡᠭᠡᠳ 6.5%᠂ 28.2% ᠪᠣᠯᠪᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠤᠨ ︽ᠳᠥᠷᠪᠡ ᠶᠢ ᠬᠢᠵᠠᠭᠠᠷᠯᠠᠵᠤ ᠬᠤᠶᠠᠷ ᠢ | ᠡᠬᠢ ᠪᠠᠶᠠᠯᠢᠭᠵᠢᠭᠤᠯᠬᠤ︾ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠤᠯᠠᠭᠠᠨᠪᠤᠬ᠎ᠠ ᠶᠢᠨ ᠡᠯᠡᠰᠦᠨ ᠴᠦᠯ ᠤᠨ ᠵᠠᠰᠠᠯᠲᠠ ᠶᠢᠨ ᠣᠷᠣᠨ ᠨᠢ | ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ | ᠦᠨᠡᠯᠡᠭᠳᠡᠪᠡ᠃ ᠬᠥᠬᠡ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠣᠯᠪᠠ᠃ | ᠪᠢᠳᠡ ᠥᠭᠡᠷᠡᠴᠢᠯᠡᠯᠲᠡ ᠶᠢ ᠠᠬᠢᠭᠤᠯᠵᠤ᠂ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠪᠦᠲᠦᠮᠵᠢᠲᠡᠶ ᠪᠠᠷ ᠪᠠᠳᠠᠷᠠᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠥᠭᠡᠷᠡᠴᠢᠯᠡᠯᠲᠡ ᠨᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠨ ᠣᠷᠣᠵᠤ᠂ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢ ᠡᠮᠬᠢ ᠵᠢᠷᠤᠮ ᠲᠠᠢ ᠰᠢᠯᠵᠢᠭᠦᠯᠵᠦ ᠰᠢᠨ᠎ᠡ ᠶᠢ ᠡᠭᠦᠳᠦᠭᠰᠡᠨ ᠦᠢᠯᠡᠳᠦᠯᠭᠡ ᠨᠢ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 50 ᠨᠡᠶᠢᠲᠡᠯᠢᠭ ᠬᠡᠷᠡᠭ ᠤᠨ | ᠵᠢᠱᠢᠶ᠎ᠡ ᠳᠤ ᠰᠣᠩᠭᠤᠭᠳᠠᠪᠠ᠃ ᠭᠠᠭᠴᠠᠮᠣᠳᠣ ᠬᠢᠯᠢ ᠶᠢᠨ ᠪᠣᠭᠤᠮᠲᠠ ᠨᠢ ᠪᠦᠬᠦ ᠤᠯᠤᠰ ᠤᠨ ᠨᠡᠪᠲᠡᠷᠡᠭᠰᠡᠨ ᠪᠠᠷᠠᠭᠠᠨ ᠤ ᠬᠡᠮᠵᠢᠶ᠎ᠡ᠂ ᠠᠷᠠᠯᠵᠢᠶᠠᠨ ᠤ ᠶᠡᠷᠦᠩᠬᠡᠢ ᠲᠤᠭ᠎ᠠ | ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠵᠤ᠂ ᠨᠡᠭᠡᠭᠡᠯᠲᠡ ᠬᠢᠵᠦ ᠬᠥᠭᠵᠢᠭᠦᠯᠦᠭᠰᠡᠨ ᠲᠤᠷᠰᠢᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠨᠡᠶᠢᠲᠡᠯᠡᠨ ᠰᠠᠶᠢᠰᠢᠶᠠᠭᠰᠠᠨ ᠪᠠᠶᠢᠨ᠎ᠠ᠃ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠥᠷᠲᠡᠭ 4 ᠵᠢᠯ ᠳᠠᠷᠠᠭᠠᠯᠠᠨ 200 ᠳ᠋ᠦᠩᠰᠢᠭᠤᠷ ᠲᠥᠭᠦᠷᠢᠭ ᠢ ᠳᠠᠪᠠᠪᠠ᠃ | ᠣᠨᠴᠠᠯᠢᠭᠲᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 13 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠵᠤ᠂ | 64.6% ᠶᠢ ᠡᠵᠡᠯᠡᠪᠡ᠃ | ᠪᠢᠳᠡ ᠰᠠᠭᠤᠷᠢ ᠪᠠᠨ ᠪᠠᠲᠤᠳᠬᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠲᠥᠪ ᠬᠤᠳᠠ ᠶᠢᠨ ᠲᠣᠭᠤᠷᠢᠭ ᠪᠠ ᠰᠢᠶᠠᠨ ᠰᠢᠶᠠᠩ ᠤᠨ ᠴᠤᠭᠯᠠᠭ᠎ᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠡᠭᠡ ᠪᠠᠷ | ᠳᠡᠭᠡᠭᠰᠢᠯᠡᠪᠡ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 87.5% ᠳᠤ ᠬᠥᠷᠪᠡ᠃ 22 ᠵᠢᠯ ᠦᠷᠭᠦᠯᠵᠢᠯᠡᠨ | ᠬᠡᠷᠡᠭᠵᠢᠭᠦᠯᠵᠦ᠂ ᠨᠡᠶᠢᠲᠡ 43.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ | ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠴᠠᠬᠢᠯᠭᠠᠨ ᠲᠣᠣᠷ ᠤᠨ | ᠪᠦᠷᠢᠯᠳᠦᠴᠡ ᠦᠷᠭᠦᠯᠵᠢᠯᠡᠨ ᠰᠢᠯᠢᠳᠡᠭᠵᠢᠵᠦ᠂ 5G ᠶᠢᠨ ᠲᠣᠣᠷ ᠰᠦᠯᠵᠢᠶ᠎ᠡ ᠦᠨᠳᠦᠰᠦᠨ ᠳᠡᠭᠡᠨ ᠭᠤᠣᠯ ᠬᠤᠳᠠ ᠶᠢᠨ ᠲᠣᠭᠤᠷᠢᠭ ᠢ ᠪᠦᠷᠬᠦᠪᠡ᠃ ᠥᠨᠳᠥᠷ | ᠲᠠᠰ ᠤᠨ ᠵᠠᠰᠠᠮᠠᠯ ᠵᠠᠮ ᠪᠣᠶ ᠪᠦᠬᠦᠢ ᠬᠤᠰᠢᠭᠤ ᠰᠢᠶᠠᠨ ᠲᠣᠭᠤᠷᠢᠭ ᠲᠤ ᠨᠡᠪᠲᠡᠷᠡᠵᠦ᠂ ᠵᠠᠰᠠᠮᠠᠯ ᠵᠠᠮ ᠤᠨ ᠶᠡᠷᠦᠩᠬᠡᠢ ᠣᠷᠳᠣ ᠪᠠ ᠵᠠᠮ ᠤᠨ ᠲᠣᠣᠷ ᠤᠨ ᠨᠢᠭᠲᠠᠴᠠ | ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ | ᠪᠢᠳᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠣᠷᠣᠨ ᠤ ᠳᠡᠰ ᠤᠨ 5 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ | ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠲᠡᠦᠬᠡᠲᠦ ᠴᠢᠨᠠᠷᠲᠠᠢ ᠠᠮᠵᠢᠯᠲᠠ ᠣᠯᠪᠠ᠃ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠵᠦ᠂ ᠲᠣᠰ ᠲᠣᠰ 30.3 | ᠲᠦᠮᠡ᠂ 47.7 ᠲᠦᠮᠡᠨ ᠮᠠᠯᠴᠢᠳ ᠲᠠᠷᠢᠶᠠᠴᠢᠳ ᠤᠨ ᠤᠤᠭᠤᠬᠤ ᠤᠰᠤᠨ ᠤ ᠴᠢᠨᠠᠷ ᠲᠣᠭᠲᠠᠭᠤᠨ ᠪᠤᠰᠤ ᠪᠠ ᠤᠰᠤᠨ ᠤ ᠬᠡᠮᠵᠢᠶ᠎ᠡ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ 1.1 ᠲᠦᠮᠡᠨ ᠡᠷᠦᠬᠡ ᠰᠠᠭᠤᠭᠠᠯᠢ ᠠᠷᠠᠳ ᠪᠤᠴᠠᠨ ᠨᠡᠭᠦᠵᠦ ᠣᠷᠣᠵᠤ ᠰᠠᠭᠤᠵᠤ᠂ 7.3 ᠲᠦᠮᠡᠨ ᠡᠷᠦᠬᠡ ᠰᠠᠭᠤᠭᠠᠯᠢ ᠠᠷᠠᠳ ᠭᠡᠷ | ᠬᠥᠷᠥᠩᠭᠡ ᠶᠢᠨ ᠦᠨᠡᠮᠯᠡᠯ ᠣᠯᠪᠠ︔ ᠪᠣᠷᠣ ᠭᠡᠷᠲᠦ ᠲᠣᠭᠤᠷᠢᠭ ᠢ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠤᠯᠤᠰ ᠠᠴᠠ ᠤᠷᠮᠠᠰᠢᠭᠤᠯᠤᠨ ᠳᠡᠮᠵᠢᠬᠦ | ᠬᠤᠳᠠ ᠪᠣᠯᠪᠠ᠃ 43 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯᠯᠠᠭ᠎ᠠ ᠶᠢ ᠪᠦᠲᠦᠮᠵᠢᠲᠡᠶ ᠥᠷᠨᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠪᠠ᠃ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠤ᠂ ᠤᠯᠠᠭᠠᠨᠮᠥ᠋ᠴᠢᠷ ᠤᠨ | ᠦᠢᠯᠡᠰ ᠴᠡᠴᠡᠭᠯᠡᠨ ᠬᠥᠭᠵᠢᠵᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠢ ᠪᠣᠯᠪᠠ᠃ ᠠᠵᠢᠯ ᠣᠯᠭᠤᠯᠲᠠ ᠶᠢᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ | ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ ᠠᠮᠤᠷ ᠲᠠᠶᠢᠪᠤᠩ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ | ᠲᠥᠯᠥᠭᠡᠯᠡᠭᠴᠢᠳ ᠠ᠋︕ ᠰᠠᠶ᠋ᠢᠬᠠᠨ ᠥᠩᠭᠡᠷᠡᠭᠰᠡᠨ 2021 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠪᠡᠯᠭᠡ ᠲᠡᠮᠳᠡᠭ ᠤᠨ ᠠᠴᠢ | ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠪᠠᠶᠠᠨᠨᠠᠭᠤᠷ ᠤᠨ ᠲᠡᠦᠬᠡᠨ ᠳᠠᠬᠢ ᠣᠨᠴᠠᠭᠠᠢ ᠪᠥᠭᠡᠳ ᠴᠢᠬᠤᠯᠠ ᠨᠢᠭᠡ ᠵᠢᠯ ᠪᠣᠯᠣᠨ᠎ᠠ᠃ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠲᠣᠭᠲᠠᠭᠤᠨ ᠤ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠦ᠂ ᠪᠦᠬᠦ ᠬᠤᠲᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠪᠠᠶᠢᠳᠠᠯ ᠢᠯᠡᠷᠡᠵᠡᠢ᠃ | ᠨᠢᠭᠡ ᠳᠤ᠂ ᠳᠠᠷᠤᠯᠲᠠ ᠶᠢ ᠳᠠᠭᠠᠭᠠᠵᠤ ᠬᠦᠨᠳᠦ ᠡᠭᠦᠷᠭᠡ ᠶᠢ ᠡᠭᠦᠷᠭᠡᠯᠡᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠲᠦᠯᠬᠢᠨ ᠠᠬᠢᠭᠤᠯᠪᠠ᠃ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠣᠷᠣᠬᠤ ᠶᠢ ᠪᠦᠲᠦᠮᠵᠢᠲᠡᠶ ᠪᠠᠷ ᠬᠤᠷᠢᠭᠯᠠᠵᠤ᠂ ᠠᠵᠤ ᠠᠬᠤᠢ ᠶᠢᠨ ᠠᠵᠢᠯᠯᠠᠭᠠᠨ ᠳᠤ | ᠦᠵᠡᠭᠦᠯᠬᠦ ᠬᠢᠵᠢᠭ ᠤᠨ ᠨᠠᠵᠠᠭᠠᠢ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ 194 ᠵᠦᠢᠯ ᠤᠨ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠵᠦ᠂ 227.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ 10.5% | ᠪᠠᠷ ᠨᠡᠮᠡᠭᠳᠡᠪᠡ᠃ 159.5 ᠳ᠋ᠦᠩᠰᠢᠭᠤᠷ ᠲᠥᠭᠦᠷᠢᠭ ᠤᠨ ᠤᠯᠤᠰ ᠤᠨ ᠳᠣᠲᠣᠭᠠᠳᠤ ᠶᠢᠨ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ ᠣᠷᠣᠭᠤᠯᠤᠨ ᠠᠪᠴᠢᠷᠠᠵᠤ | ᠂ 6.3% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 75. | 7 ᠳ᠋ᠦᠩᠰᠢᠭᠤᠷ ᠲᠥᠭᠦᠷᠢᠭ ᠲᠤ ᠬᠦᠷᠴᠦ᠂ 4.3 ᠳᠠᠬᠢᠨ ᠢᠶᠠᠷ ᠨᠡᠮᠡᠭᠳᠡᠪᠡ᠃ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠲᠠᠶᠢᠯᠬᠤ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ 8.1 ᠳ᠋ᠦᠩᠰᠢᠭᠤᠷ ᠲᠥᠭᠦᠷᠢᠭ ᠭᠠᠶᠢᠯᠢ ᠶᠢ ᠬᠥᠩᠭᠡᠷᠡᠭᠦᠯᠵᠦ ᠰᠦᠢᠳᠬᠡᠯ ᠢ | ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 2.4 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪ ᠤᠨ ᠡᠳ᠋ ᠤᠨ | ᠵᠠᠰᠠᠭ ᠤᠨ ᠵᠠᠷᠤᠯᠭ᠎ᠠ ᠳᠤ ᠰᠢᠭᠤᠳ ᠪᠠᠭᠤᠯᠭᠠᠭᠰᠠᠨ ᠪᠡᠯᠡ ᠮᠥᠩᠭᠦ ᠶᠢ 33.8 ᠳ᠋ᠦᠩᠰᠢᠭᠤᠷ ᠲᠥᠭᠦᠷᠢᠭ ᠵᠠᠷᠤᠴᠠᠭᠤᠯᠪᠠ᠃ ᠵᠠᠰᠠᠭ ᠤᠨ ᠣᠷᠳᠣᠨ ᠤ ᠲᠠᠯᠳᠠ ᠥᠷᠢ | ᠥᠭᠴᠡᠭᠡ ᠶᠢ ᠠᠷᠢᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ ᠲᠥᠯᠥᠵᠦ ᠣᠨ ᠤ ᠡᠭᠦᠷᠭᠡ ᠪᠠᠨ ᠪᠡᠶᠡᠯᠡᠭᠦᠯᠪᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠣᠬᠢᠲᠠᠢ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ | ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠠᠯ᠎ᠠ ᠶᠢᠨ ᠲᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ | ᠦᠯᠦ ᠭᠠᠷᠬᠤ ᠬᠤᠷᠢᠭ᠎ᠠ ᠱᠤᠭᠤᠮ ᠢ ᠪᠠᠲᠤ ᠰᠠᠬᠢᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ 4.3% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3.1% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 5.5% | ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 3.7% ᠪᠠᠷ ᠨᠡᠮᠡᠭᠳᠡᠵᠦ᠂ ᠡᠩ ᠤᠨ ᠤᠯᠠᠨ | ᠨᠡᠶᠢᠲᠡ ᠶᠢᠨ ᠲᠥᠰᠥᠪ ᠤᠨ ᠣᠷᠣᠯᠭ᠎ᠠ 4.1% ᠨᠡᠮᠡᠭᠳᠡᠨ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ ᠥᠷᠨᠢᠵᠦ᠂ ᠲᠣᠭᠲᠠᠭᠤᠨ ᠤ ᠳᠠᠭᠠᠤ ᠳᠤ | ᠰᠠᠶᠢᠨ ᠬᠠᠨᠳᠤᠰᠢ ᠲᠠᠢ ᠪᠣᠯᠪᠠ᠃ | ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠲᠡᠢ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠪᠠ᠃ ︽ | ᠬᠤᠶᠠᠷ ᠶᠡᠬᠡᠲᠡᠢ︾ ᠶᠢ ᠴᠢᠩᠭ᠎ᠠ ᠬᠢᠵᠠᠭᠠᠷᠯᠠᠨ᠂ ︽ ᠬᠤᠣᠰ ᠡᠵᠡᠮᠳᠡᠯ︾ ᠢ ᠨᠢᠭᠡᠳᠦᠯᠲᠡᠢ ᠲᠥᠯᠥᠪᠵᠢᠭᠦᠯᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢᠨ ᠲᠠᠯ᠎ᠠ ᠪᠠᠷ ︽ᠬᠤᠣᠰ ᠪᠣᠬᠢᠷᠲᠤᠯ ᠦᠭᠡᠢ︾ ᠲᠦᠪᠰᠢᠨ ᠳᠤ ᠪᠠᠶᠢᠯᠭᠠᠬᠤ ᠶᠢ ᠪᠠᠲᠤᠯᠠᠪᠠ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ | 16.1% ᠪᠠᠷ ᠨᠡᠮᠡᠭᠳᠡᠭᠦᠯᠵᠦ᠂ ︽ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ ᠲᠠᠢ ᠳᠤᠮᠳᠠᠳᠤ ᠤᠯᠤᠰ︾ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠪᠠ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠬᠤ ᠠᠵᠢᠯ ᠪᠣᠳᠠᠲᠠᠢ ᠠᠬᠢᠴᠠ ᠲᠠᠢ ᠪᠣᠯᠵᠤ᠂ ᠤᠯᠤᠰ ᠠᠴᠠ ᠬᠢᠨᠠᠨ ᠲᠣᠭᠲᠠᠭᠠᠭᠰᠠᠨ ᠪᠤᠭᠤᠳᠠᠢ ᠶᠢᠨ ᠰᠢᠨ᠎ᠡ ᠡᠭᠦᠯᠳᠡᠷ ︽ᠪᠠ ᠮᠠᠢ | 13 ᠨᠣᠮᠧᠷᠲᠤ︾ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠳᠤ ᠰᠣᠩᠭᠤᠭᠳᠠᠨ ᠣᠷᠣᠵᠤ᠂ ︽ᠦᠶᠤᠸᠠᠨ ᠤ ᠨᠡᠷᠡᠨ ᠬᠤᠸᠠᠷ︾ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ | ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠵᠥᠪᠰᠢᠶᠡᠷᠡᠭᠳᠡᠨ ᠪᠡᠯᠡᠳᠬᠡᠨ ᠪᠠᠶᠢᠭᠤᠯᠤᠭᠳᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ | ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠲᠦᠷᠭᠡᠳᠬᠡᠨ | ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠨᠠᠩ ᠯᠠᠪᠳᠠᠭᠤᠨ ᠪᠠᠲᠤᠲᠠᠢ ᠪᠣᠯᠪᠠ᠃ ᠭᠡᠷᠡᠯ ᠴᠡᠨᠡᠭ ᠢᠶᠠᠷ ᠡᠯᠡᠰᠦ ᠶᠢ ᠵᠠᠰᠠᠬᠤ᠂ | ᠰᠠᠯᠬᠢᠨ ᠬᠦᠴᠦᠨ ᠤ ᠮᠠᠰᠢᠨ ᠦᠢᠯᠡᠳᠬᠦ ᠵᠡᠷᠭᠡ ᠨᠢᠭᠡ ᠪᠦᠯᠦᠭ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠴᠢᠯᠠᠭᠤᠨ ᠲᠣᠰᠣ ᠶᠢ | ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠤᠨ | ᠬᠡᠪᠴᠢᠶ᠎ᠡ ᠶᠢ 533.5 ᠲᠦᠮᠡᠨ ᠺᠢᠯᠣᠸᠠᠲ ᠲᠤ ᠬᠦᠷᠭᠡᠪᠡ᠃ ᠦᠶᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ | ᠲᠣᠰ ᠲᠣᠰ 21.0%᠂ 110.8% ᠪᠠᠷ ᠨᠡᠮᠡᠭᠳᠡᠪᠡ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢᠯᠡᠳᠲᠡ ᠦᠷ᠎ᠡ ᠪᠦᠲᠦᠮᠵᠢ ᠣᠯᠵᠤ᠂ | 2021 ᠣᠨ ᠤ ᠪᠦᠬᠦ ᠤᠯᠤᠰ ᠤᠨ ᠡᠳ᠋ ᠤᠨ ᠵᠠᠰᠠᠭ ᠠᠴᠠ ᠠᠷᠠᠳ ᠤᠨ ᠡᠵᠡᠩᠨᠡᠯᠲᠡ ᠶᠢᠨ ᠪᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠡᠮᠵᠢᠬᠦ ᠲᠤᠷᠰᠢᠯᠲᠠ ᠶᠢᠨ ᠬᠤᠳᠠ ᠳᠤ ᠰᠣᠩᠭᠤᠭᠳᠠᠵᠠᠢ︔ ᠳ᠋ᠠ ᠵᠥᠩ | ᠠᠭᠤᠷᠬᠠᠢ ᠶᠢᠨ ᠦᠢᠯᠡᠰ ᠠᠮᠵᠢᠯᠲᠠ ᠲᠠᠢ ᠪᠠᠷ ᠰᠲ᠋ᠣᠺ ᠤᠨ ᠵᠠᠬ᠎ᠠ ᠳᠤ ᠭᠠᠷᠴᠤ᠂ ᠮᠠᠨ ᠤ ᠬᠤᠲᠠ ᠶᠢᠨ ᠲᠣᠰ ᠭᠠᠵᠠᠷ ᠣᠷᠣᠨ ᠤ ᠠᠵᠤ ᠠᠬᠤᠶᠢᠯᠠᠯ ᠤᠨ A | ᠰᠲ᠋ᠣᠺ ᠤᠨ ᠵᠠᠬ᠎ᠠ ᠳᠤ ᠭᠠᠷᠤᠭᠰᠠᠨ ᠦᠭᠡᠢ ᠲᠡᠮᠳᠡᠭᠯᠡᠯ ᠢ ᠡᠴᠦᠰᠯᠡᠭᠦᠯᠪᠡ᠃ | ᠭᠤᠷᠪᠠ ᠳᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠡᠷᠡᠰ ᠴᠢᠩᠭ᠎ᠠ ᠰᠠᠶᠢᠲᠤᠷ ᠠᠳᠬᠤᠪᠠ᠃ ︽︿14᠂ 5﹀ ᠶᠢᠨ ᠤᠯᠠᠭᠠᠨᠰᠤᠬᠠᠢ ᠨᠠᠭᠤᠷ ᠤᠨ | ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠲᠥᠯᠦᠪᠵᠢᠭᠦᠯᠭᠡ︾ ᠵᠥᠪᠰᠢᠶᠡᠷᠡᠭᠳᠡᠵᠦ᠂ ᠵᠢᠯ ᠤᠨ ᠪᠡᠯᠡ | ᠣᠷᠣᠭᠤᠯᠤᠯᠲᠠ ᠶᠢ 7.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠰᠡᠷᠭᠦᠭᠡᠯᠲᠡ ᠶᠡᠷᠦᠩᠬᠡᠶᠢᠯᠡᠭᠰᠡᠨ | ᠵᠠᠰᠠᠯᠲᠠ ᠨᠢ ᠲᠤᠰ ᠲᠤᠰ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ ᠶᠢᠨ ᠳᠤᠮᠳᠠᠳᠤ ᠤᠯᠤᠰ ᠤᠨ ᠠᠷᠪᠠᠨ ᠶᠡᠭᠡ ᠣᠨᠴᠠᠯᠢᠭᠲᠤ ᠠᠮᠢ ᠠᠬᠤᠢ ᠶᠢᠨ | ᠰᠡᠷᠭᠦᠭᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2021 ᠣᠨ ᠤ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ | ᠶᠡᠷᠦᠩᠬᠡᠢ ᠭᠤᠣᠯ ᠰᠤᠪᠠᠭ ᠨᠢ ᠤᠰᠤᠨ ᠠᠰᠢᠭᠯᠠᠯᠲᠠ ᠶᠢᠨ ᠶᠠᠮᠤᠨ ᠳᠤ ᠪᠦᠬᠦ ᠤᠯᠤᠰ ᠤᠨ ᠬᠠᠮᠤᠭ ᠤᠨ ᠭᠤᠶᠣ ᠠᠷᠪᠠᠨ ᠲᠣᠮᠣ ᠨᠤᠲᠤᠭ ᠤᠨ ᠭᠤᠣᠯ ᠢᠶᠠᠷ | ᠰᠣᠩᠭᠤᠭᠳᠠᠵᠠᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠪᠣᠶᠢᠮ᠎ᠠ | ᠠᠰᠠᠭᠤᠳᠠᠯ ᠢ ᠳᠡᠰ ᠳᠠᠷᠠᠭᠠᠯᠠᠯ ᠲᠠᠢ ᠴᠠᠭ ᠤᠨ ᠠᠬᠢᠴᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ | ᠨᠡᠶᠢᠳᠡᠮ ᠪᠠᠶᠢᠴᠠᠭᠠᠬᠤ ᠠᠵᠢᠯ ᠢ ᠪᠡᠶᠡᠯᠡᠭᠦᠯᠪᠡ᠃ 76.6 ᠲᠦᠮᠡᠨ ᠮᠦ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 22.1 | ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠤᠷᠤᠭᠰᠢᠲᠠᠢ ᠪᠡᠶᠡᠯᠡᠭᠦᠯᠪᠡ᠃ ᠠᠭᠠᠷ ᠮᠠᠨᠳᠠᠯ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ PM2.5 ᠶᠢᠨ | ᠥᠳᠬᠡᠴᠡ 24.2% ᠪᠠᠭᠤᠷᠠᠵᠤ᠂ ᠤᠯᠤᠰ ᠠᠴᠠ ᠡᠵᠡᠮᠳᠡᠬᠦ ᠣᠭᠲᠣᠯᠣᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ | ᠳᠥᠷᠪᠡ ᠳᠤ᠂ ᠥᠭᠡᠷᠡᠴᠢᠯᠡᠯᠲᠡ ᠨᠡᠭᠡᠭᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠭᠦᠨᠵᠡᠭᠡᠶᠢᠷᠡᠭᠦᠯᠪᠡ᠃ ︽ᠮᠥᠩᠬᠡ ᠰᠤᠪᠠᠭ᠂ ᠳᠥᠷᠪᠡ ᠶᠢ | ᠭᠦᠢᠴᠡᠳᠬᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ︽ᠶᠡᠷᠦᠩᠬᠡᠶᠢᠯᠡᠭᠰᠡᠨ ᠨᠢᠭᠡ ᠴᠣᠩᠬᠤ︾ ︽ᠤᠯᠠᠨ ᠳᠦᠷᠢᠮ ᠢ ᠨᠢᠭᠡᠳᠬᠡᠬᠦ︾ ᠲᠤᠬᠠᠶᠢᠯᠠᠭᠰᠠᠨ | ᠠᠵᠢᠯ ᠤᠨ ᠬᠠᠮᠵᠢᠯᠴᠠᠭᠠᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠭᠠᠷ | ᠭᠦᠢᠴᠡᠳᠬᠡᠯ ᠤᠨ ᠴᠠᠭ ᠢ 0.5 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠵᠤ᠂ 81.7% ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠪᠦᠬᠦ ᠶᠠᠪᠤᠴᠠ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ | ᠦᠵᠡᠭᠦᠯᠬᠦ ᠬᠠᠯᠠᠮᠰᠢᠯ ᠤᠲᠠᠰᠤ ᠪᠦᠬᠦ ᠤᠯᠤᠰ ᠤᠨ ᠠᠵᠤ ᠠᠬᠤᠶᠢᠯᠠᠯ ᠳᠤ ᠦᠢᠯᠡᠴᠢᠯᠡᠬᠦ ᠬᠠᠨᠤᠮᠵᠢᠲᠠᠢ ᠬᠠᠯᠠᠮᠰᠢᠯ ᠤᠲᠠᠰᠤᠨ ᠤ ᠰᠢᠯᠢᠳᠡᠭ ᠨᠢᠭᠡᠴᠡ ᠪᠠ ᠰᠢᠯᠢᠳᠡᠭ | ᠲᠤᠯᠭᠠᠭᠤᠷᠢᠯᠠᠨ ᠪᠠᠲᠤᠯᠠᠬᠤ ᠦᠷ᠎ᠡ ᠪᠦᠲᠦᠭᠡᠯ ᠤᠨ ᠬᠡᠷᠡᠭ ᠤᠨ ᠵᠢᠱᠢᠶ᠎ᠡ ᠶᠢᠨ ᠱᠠᠩᠨᠠᠯ ᠢ ᠬᠦᠷᠲᠡᠪᠡ᠃ ᠪᠦᠬᠦ ᠵᠢᠯ ᠳᠤ 2.6 ᠲᠦᠮᠡᠨ ᠡᠷᠦᠬᠡ ᠵᠠᠬ᠎ᠠ ᠳᠡᠯᠭᠡᠭᠦᠷ ᠤᠨ | ᠪᠡᠶᠡᠴᠢ ᠴᠣᠭᠴᠠ ᠰᠢᠨ᠎ᠡ ᠪᠠᠷ ᠨᠡᠮᠡᠭᠳᠡᠵᠦ᠂ 13.6% ᠨᠡᠮᠡᠭᠳᠡᠪᠡ᠃ ᠯᠢᠨ ᠾᠧ ᠲᠣᠭᠤᠷᠢᠭ ᠨᠢ ᠪᠦᠬᠦ ᠤᠯᠤᠰ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠣᠯᠪᠠ᠃ ᠰᠠᠭᠠᠯᠢ ᠶᠢᠨ ᠦᠨᠢᠶ᠎ᠡ ᠶᠢᠨ ᠠᠮᠢᠳᠤ ᠴᠣᠭᠴᠠ᠂ ᠲᠥᠬᠦᠭᠡᠷᠦᠮᠵᠢᠲᠦ ᠲᠣᠮᠣ ᠫᠧᠩ᠂ ᠬᠠᠰᠢᠶ᠎ᠠ | ᠰᠠᠷᠠᠪᠴᠢ ᠪᠠᠷ ᠵᠢᠭᠡᠯᠡᠯᠭᠡ ᠪᠠᠷᠢᠴᠠᠭᠠᠯᠠᠬᠤ ᠲᠤᠷᠰᠢᠯᠲᠠ ᠶᠢᠨ ᠠᠵᠢᠯ ᠢ ᠡᠬᠢᠯᠡᠭᠦᠯᠦᠨ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ | ᠬᠠᠩᠰᠢ ᠶᠢᠨ ᠳᠠᠭᠠᠳᠬᠠᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠪᠡ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ︽ᠤᠷᠠᠳ ᠤᠨ ᠬᠤᠶᠢᠲᠤ | ᠬᠤᠰᠢᠭᠤ ᠨᠣᠮᠧᠷᠲᠤ︾ ᠠᠰᠢᠭᠯᠠᠯᠲᠠ ᠳᠤ ᠣᠷᠣᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠪᠠᠷᠠᠭ᠎ᠠ ᠨᠡᠪᠲᠡᠷᠡᠭᠦᠯᠬᠦ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ | ᠲᠡᠭᠡᠭᠡᠪᠦᠷᠢᠯᠡᠬᠦ ᠬᠡᠮᠵᠢᠶ᠎ᠡ 806.2 ᠲᠦᠮᠡᠨ ᠲᠣᠨ ᠳᠤ ᠬᠦᠷᠴᠡᠢ︔ ᠠᠷᠠᠯᠵᠢᠶᠠᠨ ᠤ ᠥᠷᠲᠡᠭ ᠨᠢ 225.3 ᠳ᠋ᠦᠩᠰᠢᠭᠤᠷ ᠲᠥᠭᠦᠷᠢᠭ ᠲᠤ ᠬᠦᠷᠴᠦ᠂ 20.5% | ᠨᠡᠮᠡᠭᠳᠡᠪᠡ᠃ | ᠲᠠᠪᠤ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠡᠳᠬᠢᠯᠭᠡ ᠠᠴᠠ ᠪᠠᠨ ᠬᠦᠴᠦᠯᠡᠵᠦ ᠨᠡᠮᠡᠭᠳᠡᠭᠦᠯᠪᠡ᠃ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 8.0% ᠪᠠ 10.2% ᠢᠶᠠᠷ ᠨᠡᠮᠡᠭᠳᠡᠭᠦᠯᠪᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠲᠠᠬᠢᠨ ᠶᠠᠳᠠᠭᠤᠷᠠᠬᠤ ᠦᠵᠡᠭᠳᠡᠯ ᠭᠠᠷᠤᠭᠰᠠᠨ ᠦᠭᠡᠢ᠂ ᠬᠥᠮᠥᠨ ᠳᠤᠮᠳᠠᠴᠢ ᠶᠢᠨ ᠴᠡᠪᠡᠷ ᠣᠷᠣᠯᠭ᠎ᠠ | 17820 ᠲᠥᠭᠦᠷᠢᠭ ᠲᠤ ᠬᠦᠷᠴᠡᠢ᠃ ᠬᠤᠳᠠ ᠪᠠᠯᠭᠠᠰᠤᠨ ᠤ ᠠᠵᠢᠯ ᠣᠯᠣᠭᠰᠠᠳ ᠢ 8210 ᠬᠥᠮᠥᠨ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 4.4% ᠣᠷᠴᠢᠮ ᠪᠠᠶᠢᠯᠭᠠᠪᠠ᠃ ᠬᠠᠭᠤᠴᠢᠨ ᠰᠠᠭᠤᠭᠠᠯᠢ ᠲᠣᠭᠤᠷᠢᠭ ᠤᠨ 10285 ᠢᠵᠢ ᠭᠡᠷ | ᠪᠠᠶᠢᠰᠢᠩ᠂ ᠪᠣᠷᠣ ᠭᠡᠷᠲᠦ ᠲᠣᠭᠤᠷᠢᠭ ᠤᠨ 4614 ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠯᠢᠨ ᠾᠧ ᠲᠣᠭᠤᠷᠢᠭ ᠤᠨ ᠬᠤᠶᠢᠲᠤ ᠵᠠᠬ᠎ᠠ ᠶᠢᠨ | ᠰᠤᠪᠠᠭ ᠢ ᠶᠡᠷᠦᠩᠬᠡᠶᠢᠯᠡᠨ ᠥᠭᠡᠷᠡᠴᠢᠯᠡᠨ ᠵᠠᠰᠠᠬᠤ ᠠᠵᠢᠯ ᠢ ᠦᠨᠳᠦᠰᠦᠨ ᠳᠡᠭᠡᠨ ᠳᠠᠭᠤᠰᠬᠠᠪᠠ︔ 19.7 ᠲᠦᠮᠡᠨ ᠡᠷᠦᠬᠡ ᠮᠠᠯᠴᠢᠳ ᠲᠠᠷᠢᠶᠠᠴᠢᠳ ᠡᠩ ᠤᠨ | ᠦᠨ᠎ᠡ ᠪᠠᠷ 42.8 ᠲᠦᠮᠡᠨ ᠲᠣᠨ ᠨᠡᠭᠦᠷᠡᠰᠦ ᠣᠯᠣᠭᠰᠠᠨ ᠪᠠᠶᠢᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ S39 ᠲᠦᠷᠭᠡᠨ ᠤ ᠵᠠᠮ ᠢ | ᠪᠠᠶᠢᠭᠤᠯᠬᠤ ᠠᠵᠢᠯ ᠲᠦᠷᠭᠡᠨ ᠢᠶᠠᠷ ᠠᠬᠢᠵᠤ᠂ ᠯᠢᠨ ᠾᠧ ᠠᠴᠠ ᠬᠥᠬᠡᠬᠤᠲᠠ ᠬᠦᠷᠬᠦ ᠬᠤᠲᠠ ᠶᠢᠨ ᠬᠤᠭᠤᠷᠣᠨᠳᠣᠬᠢ ᠬᠥᠳᠡᠯᠭᠡᠭᠦᠷᠲᠦ ᠴᠤᠪᠤᠭ᠎ᠠ ᠲᠡᠷᠭᠡ | ᠲᠣᠭᠲᠠᠭᠰᠠᠨ ᠬᠤᠭᠤᠴᠠᠭᠠᠨ ᠳᠠᠭᠠᠨ ᠨᠡᠪᠲᠡᠷᠡᠪᠡ᠃ ᠯᠢᠨ ᠾᠧ ᠲᠣᠭᠤᠷᠢᠭ ᠨᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ | ᠵᠢᠱᠢᠶ᠎ᠡ ᠦᠵᠡᠭᠦᠯᠬᠦ ᠰᠢᠶᠠᠨ ᠪᠣᠯᠪᠠ᠃ ᠬᠠᠩᠭᠢᠨ ᠬᠤᠶᠢᠲᠤ ᠬᠤᠰᠢᠭᠤ ᠪᠥᠬᠦ ᠤᠯᠤᠰ ᠤᠨ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢᠨ ᠲᠡᠷᠢᠭᠦᠨ ᠤ | ᠰᠢᠶᠠᠨ ᠢᠶᠠᠷ ᠦᠨᠡᠯᠡᠭᠳᠡᠪᠡ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠦᠴᠦᠲᠡᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ | ᠪᠠᠬᠢᠵᠢᠭᠦᠯᠦᠨ ᠬᠥᠭᠵᠢᠭᠦᠯᠪᠡ᠃ | ᠵᠢᠷᠭᠤᠭ᠎ᠠ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠪᠣᠳᠠᠲᠠᠢ ᠪᠠᠷ ᠴᠢᠩᠭᠠᠳᠬᠠᠪᠠ᠃ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠥ᠂ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢᠨ ᠳᠦᠷᠢᠮ᠂ ︽ᠨᠢᠭᠡᠳᠦᠭᠡᠷ ᠴᠢᠬᠤᠯᠠ ᠮᠠᠲ᠋ᠧᠷᠢᠶᠠᠯ︾ | ᠢ ᠨᠠᠶᠢᠳᠠᠪᠤᠷᠢᠵᠢᠭᠤᠯᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠪᠠᠲᠤ ᠴᠢᠩᠭ᠎ᠠ ᠪᠠᠷ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠪᠢ ᠤᠯᠠᠨ | ᠲᠦᠮᠡᠨ ᠳᠤ ᠪᠣᠳᠠᠲᠠᠢ ᠶᠠᠪᠤᠳᠠᠯ ᠬᠢᠬᠦ︾ ᠨᠠᠷᠢᠨ ᠳᠠᠩᠰᠠᠨ ᠤ ᠵᠦᠢᠯᠡᠰ ᠢ ᠪᠦᠬᠦ ᠲᠠᠯ᠎ᠠ ᠪᠠᠷ ᠪᠡᠶᠡᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠪᠠᠶᠠᠨᠨᠠᠭᠤᠷ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ | ᠬᠡᠷᠡᠭᠵᠢᠭᠦᠯᠬᠦ ᠨᠠᠷᠢᠨ ᠳᠦᠷᠢᠮ︾ ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠨᠠᠮ ᠤᠨ ᠤᠳᠤᠷᠢᠳᠬᠤ ᠳᠤᠭᠤᠶᠢᠯᠠᠩ︶ ᠤ ︿ᠭᠤᠷᠪᠠᠨ | ᠴᠢᠬᠤᠯᠠ ᠨᠢᠭᠡ ᠲᠣᠮᠣ﹀ ᠶᠠᠪᠤᠳᠠᠯ ᠳᠤ ᠬᠠᠮᠲᠤᠪᠠᠷ ᠪᠣᠳᠣᠯᠭ᠎ᠠ ᠲᠣᠭᠲᠠᠭᠠᠬᠤ ᠠᠵᠢᠯ ᠤᠨ ᠳᠦᠷᠢᠮ︾ ᠢ ᠲᠣᠭᠲᠠᠭᠠᠨ ᠨᠡᠶᠢᠲᠡᠯᠡᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠬᠠᠨᠤᠮᠵᠢ ᠶᠢᠨ ᠬᠡᠮᠵᠢᠶ᠎ᠡ ᠶᠢ ᠲᠤᠰ ᠪᠦᠷᠢ 98.9%᠂ 100% ᠳᠤ ᠬᠦᠷᠭᠡᠪᠡ᠃ | ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠤᠳᠠ ᠶᠢᠨ ᠲᠤᠰ ᠱᠠᠲᠤᠨ ᠤ ᠭᠤᠣᠯᠳᠠᠯᠭ᠎ᠠ ᠶᠢᠨ ᠪᠤᠰᠤ᠂ ᠵᠠᠪᠠᠯ | ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠶᠢ 5.2 ᠳ᠋ᠦᠩᠰᠢᠭᠤᠷ ᠲᠥᠭᠦᠷᠢᠭ ᠬᠠᠰᠤᠨ ᠪᠠᠭᠠᠰᠬᠠᠵᠤ᠂ ᠶᠡᠷᠦᠩᠬᠡᠢ ᠳᠤᠨᠢ ᠬᠠᠰᠤᠵᠤ ᠪᠠᠭᠠᠰᠬᠠᠭᠰᠠᠨ ᠨᠤᠷᠮ᠎ᠠ 22.5% | ᠪᠣᠯᠵᠤ᠂ ᠪᠦᠬᠦ ᠬᠤᠳᠠ ᠶᠢᠨ ︽ᠭᠤᠷᠪᠠᠨ ᠠᠯᠪᠠᠨ ︾ ᠤ ᠵᠠᠷᠤᠳᠠᠯ ᠢ 6.9% ᠪᠠᠷ ᠪᠠᠭᠤᠷᠠᠭᠤᠯᠪᠠ᠃ | ᠲᠥᠯᠥᠭᠡᠯᠡᠭᠴᠢᠳ ᠠ᠋︕ ᠡᠨᠡ ᠬᠡᠳᠦᠨ ᠵᠢᠯ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ | ᠵᠢᠱᠢᠭᠰᠡᠨ ᠠᠴᠠ ᠨᠡᠩ ᠪᠤᠳᠤᠯᠢᠶᠠᠨᠲᠠᠢ᠂ ᠲᠤᠯᠭᠠᠷᠠᠵᠤ ᠪᠠᠶᠢᠭ᠎ᠠ ᠬᠦᠴᠢᠷᠳᠡᠯ ᠨᠢ ᠤᠤᠯ ᠤᠨ ᠪᠤᠳᠤᠭᠰᠠᠨ ᠠᠴᠠ ᠨᠡᠩ ᠬᠦᠨᠳᠦ ᠬᠡᠴᠡᠭᠦᠦ᠂ ᠣᠯᠣᠭᠰᠠᠨ ᠠᠮᠵᠢᠯᠲᠠ | ᠪᠦᠲᠦᠮᠵᠢ ᠨᠢ ᠥᠩᠭᠡᠷᠡᠭᠰᠡᠨ ᠤ ᠬᠢ ᠠᠴᠠ ᠨᠡᠩ ᠬᠢᠯᠪᠠᠷ ᠪᠤᠰᠤ ᠶᠤᠮ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢᠨ | ᠵᠣᠷᠢᠭᠵᠢᠭᠤᠯᠤᠯ ᠪᠠ ᠤᠷᠢᠶᠠᠯᠠᠯ ᠳᠣᠣᠷ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠰᠢᠯᠭᠠᠯᠲᠠ ᠶᠢ | ᠲᠤᠭᠤᠯᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠳᠠᠭᠠᠭᠠᠨ ᠲᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ︽ | ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠣᠨᠴᠠ ᠶᠡᠭᠡ ᠦᠶᠡᠷ ᠤᠨ ᠭᠠᠮᠰᠢᠭ ᠢ ᠢᠯᠠᠨ ᠳᠠᠪᠠᠵᠤ᠂ ᠬᠦᠨᠳᠦ ᠶᠡᠭᠡ | ᠲᠦᠭᠰᠢᠭᠦᠷᠢ ᠦᠯᠦ ᠭᠠᠷᠬᠤ ᠬᠤᠷᠢᠭ᠎ᠠ ᠱᠤᠭᠤᠮ ᠢ ᠰᠠᠬᠢᠵᠤ᠂ ᠮᠠᠰᠢ ᠤᠯᠠᠨ ᠲᠣᠮᠣ ᠶᠠᠪᠤᠳᠠᠯ ᠴᠢᠬᠤᠯᠠ ᠶᠠᠪᠤᠳᠠᠯ ᠬᠦᠴᠢᠷ ᠶᠠᠪᠤᠳᠠᠯ ᠢ ᠪᠦᠲᠦᠭᠡᠵᠦ᠂ | ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠡᠳᠡᠭᠡᠷ ᠠᠮᠵᠢᠯᠲᠠ ᠶᠢ ᠣᠯᠣᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠃ ᠡᠲᠡᠭᠡᠷ ᠠᠮᠵᠢᠯᠲᠠ ᠶᠢ ᠣᠯᠣᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ᠂ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠂ ᠪᠥᠬᠦ ᠬᠤᠲᠠ ᠶᠢᠨ ᠡᠯ᠎ᠡ ᠬᠤᠰᠢᠭᠤ | ᠰᠢᠶᠠᠨ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠶ᠋ᠢ ᠬᠦᠴᠢᠷ ᠪᠡᠷᠬᠡ ᠶᠢ ᠢᠯᠠᠨ | ᠳᠠᠪᠠᠵᠤ ᠴᠢᠳᠠᠨ᠎ᠠ᠃ ᠮᠠᠨ ᠤ ᠬᠤᠲᠠ ᠶᠢᠨ ᠬᠥᠭᠵᠢᠯᠲᠡ ᠳᠤ ᠮᠥᠨ ᠬᠦ ᠮᠠᠰᠢ ᠣᠯᠠᠨ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠪᠢᠳᠡ | ᠰᠡᠷᠭᠡᠭ ᠢᠶᠠᠷ ᠲᠠᠨᠢᠵᠤ ᠣᠯᠪᠠ᠃ ᠡᠭᠦᠨ ᠳᠤ ᠭᠤᠣᠯᠳᠠᠭᠤ᠄ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠦᠲᠦᠴᠡ ᠶᠢᠨ ᠠᠰᠠᠭᠤᠳᠠᠯ᠂ | ᠪᠠᠶᠢᠭᠤᠯᠤᠮᠵᠢ ᠶᠢᠨ ᠬᠠᠷᠰᠢ ᠰᠠᠭᠠᠳ ᠢ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠭᠰᠠᠭᠠᠷ︔ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠴᠢᠳᠠᠪᠤᠷᠢᠲᠠᠨ ᠤ ᠡᠩᠨᠡᠭᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠨᠡᠯᠢᠶᠡᠳ | ᠲᠣᠪᠣᠶᠢᠮ᠎ᠠ ᠪᠠᠶᠢᠨ᠎ᠠ︔ ᠲᠥᠷᠥᠯ ᠵᠦᠢᠯ ᠤᠨ ᠨᠥᠭᠡᠴᠡᠯᠡᠯ᠂ ᠲᠥᠷᠥᠯ ᠵᠦᠢᠯ ᠤᠨ ᠪᠦᠲᠦᠴᠡ᠂ ᠲᠥᠷᠥᠯ ᠵᠦᠢᠯ ᠤᠨ ᠬᠡᠪᠴᠢᠶ᠎ᠡ ᠶᠢᠨ ᠠᠵᠤ ᠠᠬᠤᠢ ᠶᠢᠨ | ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠬᠤ ᠬᠦᠴᠦᠨ ᠢᠯᠡᠳᠲᠡ ᠬᠦᠷᠦᠯᠴᠡᠬᠦ ᠦᠭᠡᠢ ᠪᠠᠶᠢᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ | ᠠᠰᠠᠭᠤᠳᠠᠯ ᠤᠨ ᠬᠠᠳᠠᠭᠠᠯᠠᠭᠳᠠᠴᠠ ᠨᠡᠯᠢᠶᠡᠳ ᠶᠡᠭᠡ ᠪᠠᠶᠢᠵᠤ᠂ ᠦᠷᠭᠦᠯᠵᠢᠯᠡᠨ ᠰᠠᠶᠢᠵᠢᠷᠠᠬᠤ ᠶᠢᠨ ᠰᠠᠭᠤᠷᠢ ᠲᠡᠳᠦᠢ ᠪᠠᠲᠤ ᠪᠠᠬᠢ ᠪᠢᠰᠢ ᠪᠠᠶᠢᠨ᠎ᠠ︔ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠰᠠᠭᠤᠳᠠᠯ ᠬᠤᠷᠠᠮᠳᠤᠨ ᠳᠠᠪᠬᠤᠴᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠠᠷᠭᠠᠴᠠᠬᠤ ᠡᠯ᠎ᠡ | ᠵᠦᠢᠯ ᠤᠨ ᠡᠭᠦᠷᠭᠡ ᠲᠤᠶᠢᠯ ᠤᠨ ᠬᠠᠲᠠᠭᠤ ᠪᠡᠷᠬᠡ ᠪᠠᠶᠢᠬᠤ ᠵᠡᠷᠭᠡ ᠪᠣᠯᠣᠨ᠎ᠠ᠃ ᠡᠭᠦᠨ ᠤ ᠲᠤᠬᠠᠢ ᠪᠢᠳᠡ ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨ ᠬᠦ | ᠰᠢᠢᠳᠪᠦᠷᠢᠯᠡᠬᠦ ᠴᠢᠬᠤᠯᠠᠲᠠᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ | ᠬᠤᠶᠢᠰᠢᠳᠠ ᠶᠢᠨ ᠲᠠᠪᠤᠨ ᠵᠢᠯ ᠪᠣᠯ ᠪᠠᠶᠠᠨᠨᠠᠭᠤᠷ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠬᠤᠭᠤᠴᠠᠭ᠎ᠠ | ᠂ ᠮᠥᠨ ᠴᠤ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ | ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ | ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ᠂ ᠵᠥᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ︽ | ᠬᠤᠶᠠᠷ ᠬᠠᠯᠬᠠᠪᠴᠢ︾ ᠶᠢ ᠪᠠᠲᠤ ᠪᠠᠬᠢ ᠪᠦᠲᠦᠭᠡᠨ ᠪᠠᠶᠢᠭᠤᠯᠬᠤ᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ︽ᠲᠠᠪᠤᠨ ᠥᠨᠳᠥᠷ ᠲᠠᠪᠤᠨ ᠰᠢᠨ᠎ᠡ︾ ᠶᠢᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠨᠡᠭᠡᠭᠡᠯᠲᠡ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠳᠡᠯᠭᠡᠬᠦ ᠬᠦᠴᠦᠨ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠂ ︽ ᠵᠢᠷᠭᠤᠭ᠎ᠠ ᠶᠢ | ᠲᠣᠭᠲᠠᠪᠤᠷᠢᠵᠢᠭᠤᠯᠬᠤ ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠰᠢᠨᠲᠠᠷᠠᠰᠢ ᠦᠭᠡᠢ ᠪᠠᠲᠤ ᠪᠠᠬᠢ ᠴᠣᠭᠴᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠡ ᠡᠷᠬᠡᠪᠰᠢ ᠶᠡᠭᠡ ᠲᠠᠯ᠎ᠠ ᠶᠢ ᠪᠣᠳᠣᠯᠬᠢᠯᠠᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ︽ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠡᠭᠦᠷᠭᠡᠯᠡᠨ ᠰᠠᠶᠢᠲᠤᠷ ᠭᠦᠢᠴᠡᠳᠬᠡᠵᠦ᠂ ᠶᠡᠭᠡ ᠲᠠᠯ᠎ᠠ ᠪᠦᠬᠦ ᠲᠠᠯ᠎ᠠ ᠶᠢ ᠨᠡᠩ | ᠰᠠᠶᠢᠲᠤᠷ ᠲᠠᠭᠠᠬᠤ ᠪᠠ ᠲᠡᠭᠦᠨ ᠳᠤ ᠨᠡᠩ ᠰᠠᠶᠢᠲᠤᠷ ᠦᠢᠯᠡᠴᠢᠯᠡᠬᠦ ᠳᠤᠮᠳᠠ ᠦᠷᠭᠦᠯᠵᠢᠯᠡᠨ ᠲᠡᠮᠡᠴᠡᠬᠦ ᠬᠡᠷᠡᠭᠲᠡᠢ᠃ ᠪᠢᠳᠡ ᠡᠷᠬᠡᠪᠰᠢ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠦᠨᠳᠦᠰᠦᠨ ᠱᠠᠭᠠᠷᠳᠠᠯᠭ᠎ᠠ ᠮᠥᠨ᠂ ᠪᠤᠢ ᠪᠦᠬᠦᠢ ᠬᠦᠷᠢᠶ᠎ᠡ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠦᠷᠦᠯ ᠤᠨ ᠬᠢᠨ | ᠴᠥᠮ ᠡᠭᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠡᠯ᠎ᠡ ᠵᠦᠢᠯ ᠤᠨ ᠴᠢᠬᠤᠯᠠ ᠶᠡᠭᠡ ᠬᠠᠷᠠᠯᠲᠠ ᠡᠭᠦᠷᠭᠡ᠂ ᠴᠢᠬᠤᠯᠠ ᠶᠡᠭᠡ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠴᠥᠮ ᠡᠨᠡ ᠬᠦ ᠪᠠᠶᠢᠷᠢᠯᠠᠭᠤᠯᠤᠯᠲᠠ ᠪᠠᠷ ᠥᠷᠨᠢᠭᠦᠯᠦᠨ᠎ᠡ᠃ ᠡᠷᠬᠡᠪᠰᠢ ᠲᠦᠷᠦᠯ | ᠵᠦᠢᠯ ᠢᠶᠠᠷ ᠭᠤᠣᠯ ᠪᠣᠯᠭᠠᠵᠤ᠂ ᠠᠵᠤ ᠦᠢᠯᠡᠰ ᠢᠶᠠᠷ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠠᠯᠢᠪᠠ ᠪᠦᠬᠦᠨ ᠲᠦᠷᠦᠯ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠠᠯᠢᠪᠠ ᠪᠦᠬᠦᠨ ᠲᠦᠷᠦᠯ ᠵᠦᠢᠯ ᠤᠨ | ᠲᠣᠭᠤᠷᠢᠨ ᠳᠤ ᠠᠵᠢᠯᠯᠠᠵᠤ᠂ ᠠᠯᠢᠪᠠ ᠪᠦᠬᠦᠨ ᠲᠦᠷᠦᠯ ᠵᠦᠢᠯ ᠢ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠨᠢᠷᠤᠭᠤ | ᠲᠤᠯᠭᠠᠭᠤᠷᠢ ᠶᠢ ᠪᠣᠰᠬᠠᠬᠤ ᠬᠡᠷᠡᠭᠲᠡᠢ᠃ ᠠᠵᠤ ᠦᠢᠯᠡᠳᠪᠦᠷᠢ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠶᠢ ᠪᠦᠬᠦ ᠲᠠᠯ᠎ᠠ ᠶᠢᠨ ᠠᠵᠢᠯ ᠤᠨ ᠨᠡᠩ ᠲᠣᠪᠣᠶᠢᠮ᠎ᠠ | ᠪᠠᠶᠢᠷᠢᠨ ᠳᠤ ᠲᠠᠯᠪᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠪᠴᠢᠯᠡᠨ ᠠᠬᠢᠭᠤᠯᠬᠤ | ᠬᠡᠷᠡᠭᠲᠡᠢ᠃ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠪᠢᠳᠡᠨ ᠤ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠦᠨᠳᠦᠰᠦᠨ ᠵᠣᠷᠢᠯᠭ᠎ᠠ ᠮᠥᠨ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠭᠰᠠᠨ ᠰᠢᠢᠳᠪᠦᠷᠢᠲᠦ | ᠪᠣᠳᠣᠯᠭ᠎ᠠ ᠶᠢᠨ ᠰᠡᠳᠬᠢᠬᠦᠢ ᠪᠠ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠠᠵᠢᠯ ᠤᠨ ᠤᠳᠤᠷᠢᠳᠤᠮᠵᠢ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ | ᠰᠠᠨᠠᠭ᠎ᠠ ᠲᠠᠢ ᠤᠶᠠᠯᠳᠤᠭᠤᠯᠤᠨ ᠲᠦᠷᠦ ᠶᠢᠨ ᠪᠣᠳᠣᠯᠭ᠎ᠠ ᠲᠣᠭᠲᠠᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠠᠷᠭ᠎ᠠ | ᠬᠡᠮᠵᠢᠶ᠎ᠡ ᠰᠦᠪᠡᠭᠴᠢᠯᠡᠬᠦ ᠬᠡᠷᠡᠭᠲᠡᠢ᠃ ᠡᠷᠬᠡᠪᠰᠢ ᠬᠠᠤᠯᠢ ᠶᠣᠰᠣᠭᠠᠷ ᠵᠠᠰᠠᠭ ᠶᠠᠪᠤᠭᠤᠯᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠪᠠᠷᠢᠮᠲᠠᠯᠠᠬᠤ ᠬᠡᠷᠡᠭᠲᠡᠢ᠂ ᠡᠨᠡ ᠪᠣᠯ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠂ ᠵᠠᠰᠠᠭ ᠤᠨ ᠣᠷᠳᠣᠨ ᠤ | ᠠᠵᠢᠯ ᠢ ᠬᠠᠤᠯᠢᠵᠢᠯ ᠤᠨ ᠵᠠᠮ ᠳᠤ ᠪᠦᠬᠦ ᠲᠠᠯ᠎ᠠ ᠪᠠᠷ ᠣᠷᠣᠭᠤᠯᠵᠤ᠂ ᠬᠠᠤᠯᠢᠵᠢᠯ ᠢ ᠡᠷᠬᠢᠮᠯᠡᠬᠦ᠂ ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ ᠶᠢ ᠰᠡᠳᠬᠢᠬᠦᠢ ᠶᠢᠨ | ᠠᠷᠭ᠎ᠠ ᠬᠡᠯᠪᠡᠷᠢ ᠪᠠ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠡᠷᠬᠡᠪᠰᠢ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠵᠠᠩᠭᠢᠯᠠᠭ᠎ᠠ ᠪᠣᠯᠣᠨ᠎ᠠ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠨᠢᠭᠲᠠ | ᠤᠶᠠᠯᠳᠤᠭᠰᠠᠨ ᠪᠢᠲᠡᠭᠦᠦ ᠴᠠᠭᠠᠷᠢᠭ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠳᠠᠯᠳᠠ ᠲᠦᠭᠰᠢᠭᠦᠷᠢ ᠶᠢ ᠡᠷᠬᠡᠪᠰᠢ ᠤᠷᠢᠳᠴᠢᠯᠠᠨ | ᠰᠤᠳᠤᠯᠤᠨ ᠮᠠᠭᠠᠳᠯᠠᠵᠤ᠂ ᠰᠢᠰᠲ᠋ᠧᠮ ᠲᠠᠢ ᠪᠠᠷ ᠰᠢᠢᠳᠪᠦᠷᠢᠯᠡᠵᠦ᠂ ᠬᠡᠳᠦᠢ ᠪᠠᠭ᠎ᠠ ᠬᠡᠳᠦᠢ ᠲᠦᠭᠰᠢᠭᠦᠷᠢᠲᠡᠢ ᠪᠠᠶᠢᠭᠰᠠᠨ ᠴᠤ ᠰᠡᠷᠭᠡᠶᠢᠯᠡᠬᠦ ᠬᠡᠷᠡᠭᠲᠡᠢ︔ | ᠲᠣᠭᠲᠠᠭᠠᠭᠰᠠᠨ ᠬᠡᠷᠡᠭ ᠶᠠᠪᠤᠳᠠᠯ ᠤᠨ ᠬᠦᠨᠳᠦ ᠳᠠᠷᠤᠭᠠᠰᠤ ᠶᠢ ᠡᠷᠬᠡᠪᠰᠢ ᠮᠡᠳᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠡᠳᠦᠢ ᠬᠦᠴᠢᠷ ᠬᠡᠳᠦᠢ | ᠪᠡᠷᠬᠡ ᠲᠠᠢ ᠪᠠᠶᠢᠭᠰᠠᠨ ᠴᠤ ᠬᠢᠬᠦ ᠬᠡᠷᠡᠭᠲᠡᠢ︔ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠷᠬᠡᠪᠰᠢ ᠴᠡᠭᠡᠵᠢ ᠲᠦᠷᠢᠨ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠬᠡᠳᠦᠢ ᠪᠤᠳᠤᠯᠢᠶᠠᠨᠲᠠᠢ ᠬᠡᠳᠦᠢ ᠬᠦᠨᠳᠦ ᠪᠠᠶᠢᠭᠰᠠᠨ ᠴᠤ ᠡᠭᠦᠷᠭᠡᠯᠡᠬᠦ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ᠄ | ᠨᠢᠭᠡ ᠳᠤ᠂ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠳᠤ ᠲᠥᠪᠯᠡᠷᠡᠭᠦᠯᠵᠦ᠂ ᠭᠠᠵᠠᠷ ᠣᠷᠣᠨ ᠤ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠡᠷᠡᠰ ᠪᠠᠷᠢᠮᠲᠠᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠰᠤᠬᠠᠢ ᠨᠠᠭᠤᠷ ᠢ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠪᠦᠬᠦ | ᠲᠠᠯ᠎ᠠ ᠪᠠᠷ ᠰᠢᠯᠢᠳᠡᠭᠵᠢᠭᠦᠯᠵᠦ᠂ ᠪᠦᠬᠦ ᠣᠷᠣᠨ ᠪᠦᠰᠡ ᠪᠦᠬᠦ ᠲᠠᠯ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ | ᠬᠦᠷᠢᠶ᠎ᠡ ᠪᠦᠬᠦ ᠶᠠᠪᠤᠴᠠ ᠳᠤ ᠪᠣᠬᠢᠷᠲᠤᠯ ᠦᠭᠡᠢ ᠲᠡᠶᠢᠰᠢᠬᠢ ᠬᠡᠯᠪᠡᠷᠢ ᠶᠢᠨ ᠬᠤᠪᠢᠷᠠᠯᠲᠠ ᠶᠢ ᠠᠬᠢᠭᠤᠯᠵᠤ᠂ ᠬᠠᠳᠤᠨ ᠭᠤᠣᠯ ᠡᠵᠢ ᠭᠤᠣᠯ ᠤᠨ ᠬᠠᠮᠠᠭᠠᠯᠠᠯᠲᠠ᠂ | ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠭᠠᠵᠠᠷ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠤᠭᠰᠠᠨ ᠪᠠᠶᠢᠨ᠎ᠠ᠃ ᠤᠨᠢᠨ | ᠳᠡᠭᠡᠷ᠎ᠡ ᠨᠢ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠣᠷᠴᠢᠨ | ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠪᠠᠶᠠᠨᠨᠠᠭᠤᠷ ᠤᠨ ᠬᠥᠬᠡ ᠣᠭᠲᠠᠷᠭᠤᠢ ᠂ ᠬᠥᠬᠡᠮᠳᠦᠭ ᠤᠰᠤ᠂ ᠬᠥᠬᠡ ᠠᠭᠤᠯᠠ ᠶᠢ ᠥᠨᠢᠳᠡ | ᠮᠥᠩᠬᠡ ᠪᠠᠶᠢᠯᠭᠠᠨ᠎ᠠ᠃ | ᠬᠤᠶᠠᠷ ᠲᠤ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ᠂ ᠰᠢᠨ᠎ᠡ ᠳᠠᠪᠠᠭᠤᠯᠢᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠠᠢ ᠶᠢ | ᠡᠷᠬᠢᠮᠯᠡᠨ ᠰᠢᠨ᠎ᠡ ᠶᠢ ᠡᠭᠦᠳᠴᠦ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ᠃ ︽ | ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠠᠵᠢᠯ ᠢ ᠨᠢᠭᠡᠳᠦᠯᠲᠡᠢ ᠲᠥᠯᠥᠪᠯᠡᠨ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠡᠷᠬᠡᠪᠰᠢ︾ ︽ | ᠭᠤᠷᠪᠠ ᠶᠢ ᠬᠤᠪᠢᠷᠠᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠨᠢᠭᠲᠠ | ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠭᠤᠣᠯ | ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠠᠪᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ | ᠥᠨᠳᠥᠷ ᠪᠠᠶᠢᠯᠭᠠᠬᠤ ᠶᠢ ᠪᠡᠶᠡᠯᠡᠭᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠤᠳᠤ ᠦᠶ᠎ᠡ ᠶᠢᠨ | ᠲᠠᠷᠢᠶᠠᠯᠠᠩ ᠢ ᠬᠥᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢ ᠶᠡᠬᠡᠪᠡᠷ ᠬᠥᠭᠵᠢᠭᠦᠯᠦᠨ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ ᠴᠢᠨᠠᠷ | ᠰᠠᠶᠢᠲᠠᠢ ᠪᠠᠶᠢᠭᠤᠯᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ | ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠪᠣᠯᠣᠨ᠎ᠠ᠃ ᠳᠡᠭᠡᠳᠦ ᠦᠵᠦᠭᠦᠷᠴᠢᠯᠡᠭᠰᠡᠨ᠂ ᠣᠶᠤᠨᠴᠢᠯᠠᠭᠰᠠᠨ᠂ | ᠪᠣᠬᠢᠷᠳᠤᠯ ᠦᠭᠡᠢ ᠪᠣᠯᠭᠠᠬᠤ ᠴᠢᠭᠯᠡᠯ ᠢ ᠬᠠᠷᠠᠭᠠᠯᠠᠨ᠂ ︽ᠬᠤᠶᠠᠷ ᠰᠠᠭᠤᠷᠢᠨ ᠭᠠᠵᠠᠷ᠂ ᠲᠦᠷᠪᠡᠨ ᠰᠦᠷᠦᠭᠵᠢᠯ︾ ᠢ ᠲᠦᠷᠭᠡᠪᠴᠢᠯᠡᠨ ᠪᠠᠶᠢᠭᠤᠯᠵᠤ᠂ ᠪᠣᠬᠢᠷᠳᠤᠯ | ᠦᠭᠡᠢ ᠬᠥᠭᠵᠢᠯᠲᠡ ᠶᠢᠨ ᠬᠤᠰᠢᠭᠤᠴᠢ ᠣᠷᠣᠨ ᠪᠣᠯᠣᠨ᠎ᠠ᠃ ᠦᠢᠯᠡᠴᠢᠯᠡᠭᠡᠨ ᠤ ᠬᠡᠷᠡᠭᠯᠡᠭᠡ ᠬᠠᠩᠭᠠᠯᠭ᠎ᠠ ᠶᠢᠨ ᠠᠵᠢᠯ ᠢ ᠭᠦᠢᠴᠡᠳ ᠬᠢᠵᠦ᠂ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠂ ᠦᠷ᠎ᠡ ᠠᠰᠢᠭ ᠢ ᠳᠡᠭᠡᠭᠰᠢᠯᠡᠭᠦᠯᠬᠦ ᠶᠢ ᠲᠦᠷᠭᠡᠪᠴᠢᠯᠡᠨ ᠠᠬᠢᠭᠤᠯᠤᠨ᠎ᠠ᠃ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠂ ᠪᠠᠶᠠᠨᠨᠠᠭᠤᠷ ᠤᠨ ᠠᠵᠤ ᠠᠬᠤᠢ ᠶᠢᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠨᠡᠮᠡᠭᠳᠡᠯ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠳᠲᠡ | ᠴᠢᠩᠭᠠᠷᠠᠭᠤᠯᠤᠨ᠎ᠠ᠃ | ᠭᠤᠷᠪᠠ ᠳᠤ᠂ ᠥᠨᠳᠥᠷ ᠶᠠᠰᠤ ᠴᠢᠨᠠᠷ ᠲᠠᠢ ᠠᠷᠠᠳ ᠤᠨ ᠠᠮᠢᠳᠤᠷᠠᠯ ᠤᠨ ᠰᠢᠨ᠎ᠡ ᠲᠦᠪᠰᠢᠨ ᠳᠤ ᠬᠦᠷᠬᠦ ᠳᠤ ᠲᠥᠪᠯᠡᠷᠡᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠮᠲᠤᠪᠠᠷ ᠴᠢᠨᠡᠭᠡᠯᠢᠭᠵᠢᠬᠦ ᠶᠢ | ᠪᠡᠶᠡᠯᠡᠭᠦᠯᠬᠦ ᠶᠢ ᠠᠬᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ | ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ ᠪᠣᠯᠭᠠᠨ᠎ᠠ᠃ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ | ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠦᠷᠭᠡᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ | ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ | ᠬᠦᠷᠲᠡᠭᠡᠨ᠎ᠡ᠃ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ᠂ ᠣᠷᠣᠨ | ᠰᠠᠭᠤᠴᠠ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠬᠤᠲᠠ ᠪᠠᠯᠭᠠᠰᠤ ᠶᠢᠨ ᠣᠷᠣᠰᠢᠨ ᠰᠠᠭᠤᠷᠢᠰᠢᠵᠤ ᠦᠢᠯᠡᠰ ᠡᠷᠬᠢᠯᠡᠬᠦ ᠳᠤ | ᠲᠣᠬᠢᠷᠠᠮᠵᠢᠲᠠᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠤᠨ | ᠪᠣᠯᠪᠠᠰᠤᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠤᠯᠤᠰ ᠤᠨ ᠪᠣᠯᠪᠠᠰᠤᠨ ᠬᠤᠲᠠ ᠶᠢ ᠴᠢᠷᠮᠠᠶᠢᠨ ᠡᠭᠦᠳᠦᠨ ᠪᠠᠶᠢᠭᠤᠯᠵᠤ᠂ | ᠪᠠᠶᠠᠨᠨᠠᠭᠤᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠣᠶᠤᠨ ᠰᠠᠨᠠᠭᠠᠨ ᠤ ᠳᠦᠷᠰᠦ | ᠪᠠᠶᠢᠳᠠᠯ ᠴᠤᠭ ᠪᠠᠳᠠᠷᠠᠩᠭᠤᠢ᠂ ᠠᠮᠢᠳᠤᠷᠠᠯ ᠢ ᠬᠥᠷ ᠬᠥᠭᠵᠢᠶᠡᠨ ᠲᠠᠢ ᠪᠣᠯᠭᠠᠨ᠎ᠠ᠃ | ᠳᠥᠷᠪᠡ ᠳᠤ᠂ ᠥᠨᠳᠥᠷ ᠦᠷ᠎ᠡ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠪᠥᠭᠡᠳ ᠪᠣᠯᠭᠤᠮᠵᠢᠲᠠᠢ ᠪᠠᠷ ᠠᠬᠢᠭᠤᠯᠤᠨ᠎ᠠ᠃ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠥᠲᠥᠯᠪᠦᠷᠢ ᠶᠢ | ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠤᠯᠠᠮ ᠨᠢᠭᠡ ᠠᠯᠬᠤᠮ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃ ᠶᠡᠭᠡ ᠠᠮᠤᠷ ᠲᠦᠪᠰᠢᠨ ᠤ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠶᠡᠭᠡ ᠠᠮᠤᠷ ᠲᠠᠶᠢᠪᠤᠩ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ︽ᠪᠥᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠶᠢ ᠠᠬᠢᠭᠤᠯᠤᠨ᠂ ᠪᠠᠶᠠᠨᠨᠠᠭᠤᠷ ᠤᠨ ᠬᠥᠭᠵᠢᠯᠲᠡ ᠶᠢ | ᠬᠦᠴᠦᠲᠡᠢ ᠪᠠᠲᠤᠯᠠᠵᠤ᠂ ᠠᠷᠠᠳ ᠲᠦᠮᠡᠨ ᠢ ᠠᠮᠤᠷ ᠲᠠᠶᠢᠪᠤᠩ ᠠᠵᠤ ᠲᠥᠷᠥᠭᠦᠯᠵᠦ᠂ ᠨᠡᠶᠢᠭᠡᠮ ᠢ ᠠᠮᠤᠷ ᠲᠣᠭᠲᠠᠭᠤᠨ ᠡᠮᠬᠢ ᠵᠢᠷᠤᠮ ᠲᠠᠢ ᠪᠣᠯᠭᠠᠨ᠎ᠠ᠃ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ | 2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠪᠣᠯᠬᠤᠷ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ | ᠵᠠᠳᠠᠯᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠪᠠ ᠡᠭᠦᠷᠭᠡ ᠠᠷᠭ᠎ᠠ ᠬᠡᠮᠵᠢᠶ᠎ᠡ ᠶᠢ ᠲᠣᠳᠣᠷᠬᠠᠢ ᠳᠤᠷᠠᠳᠤᠨ | ᠭᠠᠷᠭᠠᠭᠰᠠᠨ ᠪᠠᠶᠢᠨ᠎ᠠ᠃ ᠪᠢᠳᠡ ᠡᠷᠬᠡᠪᠰᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠬᠤ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% | ᠣᠷᠴᠢᠮ ᠢᠶᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 5% ᠣᠷᠴᠢᠮ ᠢᠶᠠᠷ ᠨᠡᠮᠡᠭᠳᠡᠭᠦᠯᠦᠨ᠎ᠡ︔ | ᠬᠤᠳᠠ ᠪᠠᠯᠭᠠᠰᠤᠨ ᠤ ᠠᠵᠢᠯ ᠣᠯᠣᠭᠰᠠᠳ ᠢ 8000 ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ | ᠨᠤᠷᠮ᠎ᠠ ᠶᠢ 5% ᠠᠴᠠ ᠳᠣᠣᠷ᠎ᠠ ᠪᠠᠶᠢᠯᠭᠠᠨ᠎ᠠ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠳᠤᠰ ᠳᠤᠰ 7%᠂ 10% ᠣᠷᠴᠢᠮ ᠢᠶᠠᠷ | ᠨᠡᠮᠡᠭᠳᠡᠭᠦᠯᠦᠨ᠎ᠡ︔ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢᠨ | ᠲᠣᠬᠢᠷᠠᠭᠤᠯᠤᠯᠲᠠ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ | ᠬᠥᠭᠵᠢᠯᠲᠡ ᠶᠢᠨ ᠰᠠᠭᠤᠷᠢ᠂ ᠬᠥᠳᠡᠯᠭᠡᠬᠦ ᠬᠦᠴᠦᠨ ᠤ ᠲᠤᠯᠭᠠᠭᠤᠷᠢᠯᠠᠯ ᠵᠢᠴᠢ ᠮᠠᠰᠢ ᠣᠯᠠᠨ ᠲᠣᠭᠲᠠᠭᠠᠯᠲᠤ ᠪᠤᠰᠤ ᠬᠦᠴᠦᠨ ᠵᠦᠢᠯ ᠢ ᠪᠣᠳᠣᠯᠬᠢᠯᠠᠵᠤ᠂ ᠪᠥᠬᠦ | ᠣᠷᠣᠨ ᠤ ᠵᠢᠱᠢᠭᠰᠡᠨ ᠬᠠᠷᠠᠯᠲᠠ᠂ ᠮᠠᠨ ᠤ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠲᠠᠢ | ᠵᠣᠯᠭᠠᠯᠳᠤᠭᠤᠯᠤᠭᠰᠠᠨ ᠢᠶᠠᠷ ᠪᠠᠷᠠᠬᠤ ᠦᠭᠡᠢ ᠪᠠᠰᠠ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠬᠦᠴᠦᠯᠡᠨ ᠲᠡᠮᠡᠴᠡᠬᠦ ᠪᠠᠲᠤ ᠵᠣᠷᠢᠭ ᠢ ᠢᠯᠡᠷᠡᠭᠦᠯᠵᠦ᠂ ᠠᠵᠢᠯ | ᠣᠯᠭᠤᠯᠲᠠ ᠶᠢ ᠪᠠᠲᠤᠯᠠᠬᠤ᠂ ᠲᠦᠭᠰᠢᠭᠦᠷᠢ ᠶᠢ ᠰᠡᠷᠭᠡᠶᠢᠯᠡᠬᠦ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ | ᠥᠭᠡᠷᠡᠴᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ᠂ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢ ᠠᠳᠬᠤᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠳᠠᠶᠢᠴᠢᠯᠠᠬᠤ ᠳᠤ ᠠᠰᠢᠭᠲᠠᠢ ᠶᠤᠮ᠃ | ᠡᠨᠡ ᠵᠢᠯ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠲᠥᠷᠥᠯ ᠵᠦᠢᠯ ᠤᠨ ᠪᠠᠶᠢᠭᠤᠯᠤᠯᠲᠠ ᠶᠢ ︽ᠵᠢᠷᠭᠤᠭ᠎ᠠ ᠶᠢ | ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢᠨ ᠴᠢᠬᠤᠯᠠ ᠬᠥᠳᠡᠯᠭᠡᠭᠦᠷ ᠪᠣᠯᠭᠠᠵᠤ᠂ ︽ᠡᠬᠢᠯᠡᠮᠡᠭᠴᠡ ᠪᠡᠷᠬᠡ ᠰᠡᠳᠦᠪ ᠢ ᠰᠢᠢᠳᠪᠦᠷᠢᠯᠡᠬᠦ︾ ᠡᠷᠴᠢ ᠵᠣᠷᠢᠭ ᠢ ᠪᠠᠳᠠᠷᠠᠭᠤᠯᠤᠨ᠂ ᠵᠤᠷᠰᠢᠯ ᠠᠴᠠ | ᠳᠠᠪᠠᠭᠰᠠᠨ ᠠᠷᠭ᠎ᠠ ᠬᠡᠮᠵᠢᠶ᠎ᠡ ᠠᠪᠴᠤ᠂ ᠲᠥᠷᠥᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠥᠷᠭᠡᠳᠬᠡᠵᠦ᠂ ᠲᠥᠷᠥᠯ ᠵᠦᠢᠯ ᠤᠨ ᠶᠡᠷᠦᠩᠬᠡᠢ ᠬᠡᠮᠵᠢᠶ᠎ᠡ ᠪᠠᠷ | ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠤᠯᠭᠠᠭᠤᠷᠢᠯᠠᠵᠤ᠂ ᠲᠥᠷᠥᠯ ᠵᠦᠢᠯ ᠤᠨ ᠪᠦᠲᠦᠴᠡ ᠪᠠᠷ ᠪᠡᠯᠡ ᠣᠷᠣᠭᠤᠯᠤᠯᠲᠠ ᠶᠢᠨ ᠪᠦᠲᠦᠴᠡ ᠶᠢ ᠬᠤᠪᠢᠷᠠᠭᠤᠯᠤᠨ᠎ᠠ᠃ | | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠤᠤ ᠵᠢᠭᠰᠠᠭᠠᠨ᠂ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠬᠠᠮᠲᠤᠷᠠᠭᠰᠠᠨ ᠬᠤᠷᠠᠯ ᠬᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ | ᠳᠥᠷᠪᠡᠨ ᠵᠦᠢᠯ ᠤᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠡᠬᠡ ᠲᠠᠩᠰᠠᠴᠢᠯᠠᠭᠰᠠᠨ᠂ ᠨᠠᠷᠢᠨ ᠲᠠᠩᠰᠠᠴᠢᠯᠠᠭᠰᠠᠨ | ᠬᠠᠮᠢᠶᠠᠷᠤᠯᠲᠠ ᠶᠢ ᠬᠡᠷᠡᠭᠵᠢᠭᠦᠯᠦᠨ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠢ ᠡᠷᠲᠡ ᠠᠴᠠ ᠨᠠᠷᠢᠯᠢᠭ | ᠬᠢᠵᠦ᠂ ᠣᠨ ᠤ ᠲᠥᠯᠥᠪᠯᠡᠭᠡ ᠶᠢᠨ 340.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ 206 ᠴᠢᠬᠤᠯᠠ ᠶᠡᠭᠡ ᠲᠥᠷᠥᠯ ᠵᠦᠢᠯ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠵᠠᠰᠠᠯᠲᠠ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ S39 ᠲᠦᠷᠭᠡᠨ ᠤ ᠵᠠᠮ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠂ ᠬᠠᠲᠤᠨ ᠭᠤᠣᠯ ᠤᠨ | ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠲᠦᠷᠦᠯ ᠵᠦᠢᠯ ᠢ ᠨᠠᠷᠢᠨ ᠪᠣᠳᠠᠲᠠᠢ ᠪᠠᠷ ᠲᠥᠯᠥᠪᠵᠢᠭᠦᠯᠵᠦ ᠨᠥᠭᠡᠴᠡᠯᠡᠬᠦ ᠶᠢ ᠰᠦᠪᠡᠭᠴᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠮᠠᠨ ᠤ | ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠳᠤ ᠲᠥᠪᠯᠡᠷᠡᠭᠦᠯᠵᠦ᠂ ᠴᠠᠭ ᠤᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ | ᠠᠷᠭ᠎ᠠ ᠰᠦᠪᠡᠭᠴᠢᠯᠡᠵᠦ᠂ ᠰᠠᠭᠤᠷᠢ ᠶᠢ ᠪᠠᠲᠤᠳᠬᠠᠬᠤ᠂ ᠠᠯᠤᠰ ᠬᠡᠲᠦ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠬᠦ ᠨᠢᠭᠡ ᠪᠦᠯᠦᠭ ᠴᠢᠬᠤᠯᠠ ᠶᠡᠭᠡ | ᠲᠥᠷᠥᠯ ᠵᠦᠢᠯ ᠢ ᠲᠣᠬᠢᠷᠠᠭᠤᠯᠤᠨ ᠨᠥᠭᠡᠴᠡᠯᠡᠨ᠎ᠡ᠃ ᠤᠯᠤᠰ ᠠᠴᠠ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠥᠷᠨᠢᠭᠦᠯᠬᠦ ᠵᠡᠷᠭᠡ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ | ᠲᠥᠷᠥᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠣᠯᠣᠨ᠎ᠠ᠃ ᠬᠤᠲᠠ ᠪᠠ ᠬᠤᠰᠢᠭᠤ ᠰᠢᠶᠠᠨ ᠲᠣᠭᠤᠷᠢᠭ | ᠬᠤᠶᠠᠷ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠪᠡᠯᠡᠳᠬᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢ | ᠬᠡᠷᠡᠭᠯᠡᠬᠦ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠦᠨ᠂ ᠵᠢᠭᠡᠯᠡᠯᠭᠡ ᠶᠢᠨ ᠲᠡᠮᠳᠡᠭᠲᠦ ᠶᠢᠨ ᠪᠣᠳᠠᠲᠠᠢ ᠬᠡᠷᠡᠭᠯᠡᠭᠰᠡᠨ ᠠᠴᠠ ᠪᠣᠶ ᠪᠣᠯᠤᠭᠰᠠᠨ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠶᠡᠬᠡᠪᠡᠷ ᠨᠡᠮᠡᠭᠳᠡᠭᠦᠯᠬᠦ ᠶᠢ ᠪᠠᠲᠤᠯᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠠᠷᠢᠯᠢᠭ ᠣᠨᠣᠴᠠᠲᠠᠢ ᠪᠦᠲᠦᠮᠵᠢᠲᠡᠶ ᠪᠠᠷ ᠥᠷᠨᠢᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ︽ᠲᠠᠪᠤ ᠶᠢ ᠡᠷᠬᠡᠪᠰᠢ ᠪᠠᠷᠢᠮᠲᠠᠯᠠᠵᠤ᠂ ᠲᠠᠪᠤ ᠶᠢ ᠶᠠᠭᠠᠬᠢᠭᠰᠠᠨ ᠴᠤ ᠬᠢᠵᠦ ᠪᠣᠯᠬᠤ ᠦᠭᠡᠢ︾ ᠱᠠᠭᠠᠷᠳᠠᠯᠭ᠎ᠠ ᠶᠢ ᠣᠨᠣᠪᠴᠢᠲᠠᠶ | ᠡᠵᠡᠮᠰᠢᠵᠦ᠂ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢᠨ ᠲᠣᠭᠤᠷᠢᠨ ᠳᠤ᠂ ᠠᠵᠢᠯ | ᠲᠥᠷᠥᠯ ᠤᠨ ᠳᠠᠭᠠᠭᠤᠯᠤᠭᠴᠢ ᠪᠠ ︽ᠬᠡᠯᠬᠢᠶᠡᠨ ᠤ ᠭᠤᠣᠯᠯᠠᠭᠴᠢ︾ ᠠᠵᠤ ᠠᠬᠤᠶᠢᠯᠠᠯ ᠢ ᠴᠢᠩᠭ᠎ᠠ ᠠᠩᠬᠠᠷᠴᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠭᠦᠨᠵᠡᠭᠡᠢ ᠡᠳ᠋ᠰᠢᠭᠦᠯᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠦᠶᠯᠡᠳᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ | ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠭᠠᠷ ᠤᠷᠠᠯᠠᠯ ᠲᠠᠢ᠂ ᠮᠡᠷᠭᠡᠵᠢᠯ ᠢᠶᠠᠷ | ᠲᠡᠷᠢᠭᠦᠯᠡᠭᠰᠡᠨ ᠠᠵᠤ ᠠᠬᠤᠶᠢᠯᠠᠯ ᠤᠳ ᠢ ᠣᠷᠣᠭᠤᠯᠤᠨ ᠠᠪᠴᠢᠷᠠᠵᠤ᠂ ᠨᠢᠭᠡ ᠪᠦᠯᠦᠭ ︽ᠦᠨ᠎ᠡ ᠥᠷᠲᠡᠭ ᠤᠨ ᠬᠡᠮᠵᠢᠶ᠎ᠡ︾ ︽ᠪᠣᠬᠢᠷᠲᠤᠯ ᠦᠭᠡᠢ ᠬᠡᠮᠵᠢᠶ᠎ᠡ︾ ︽ | ᠰᠢᠨ᠎ᠡ ᠮᠡᠷᠭᠡᠵᠢᠯ ᠤᠨ ᠬᠡᠮᠵᠢᠶ᠎ᠡ︾ ᠥᠨᠳᠥᠷ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠪᠠ ᠰᠢᠯᠭᠠᠨ ᠬᠢᠨᠠᠵᠤ ᠤᠷᠮᠠᠰᠢᠭᠤᠯᠬᠤ ᠠᠷᠭ᠎ᠠ ᠶᠢ ᠲᠣᠭᠲᠠᠭᠠᠨ ᠨᠡᠶᠢᠲᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠥᠷᠥᠯ ᠵᠦᠢᠯ ᠢ | ᠲᠥᠪᠯᠡᠷᠡᠭᠦᠯᠦᠨ ᠭᠡᠷ᠎ᠡ ᠲᠣᠭᠲᠠᠬᠤ ᠲᠣᠭᠲᠠᠴᠠ ᠶᠢ ᠪᠠᠶᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠠᠵᠤ ᠠᠬᠤᠶᠢᠯᠠᠯ ᠤᠨ ᠭᠠᠷᠴᠤ ᠶᠠᠪᠤᠬᠤ ᠶᠢ ᠪᠠᠶᠢᠩᠭᠤᠵᠢᠭᠤᠯᠤᠨ᠂ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠵᠤ᠂ ᠪᠥᠬᠦ ᠵᠢᠯ ᠳᠤ ᠤᠯᠤᠰ ᠤᠨ | ᠳᠣᠲᠣᠭᠠᠳᠤ ᠶᠢᠨ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 170 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠦᠴᠦᠯᠡᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠪᠦᠬᠦ ᠲᠠᠯ᠎ᠠ ᠶᠢᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠵᠠᠩᠭᠢᠯᠠᠭ᠎ᠠ ᠶᠢᠨ ᠵᠠᠩᠭᠢᠯᠠᠭ᠎ᠠ ᠪᠠᠶᠢᠷᠢᠨ ᠳᠤ | ᠲᠠᠯᠪᠢᠵᠤ᠂ ᠪᠣᠬᠢᠷᠳᠤᠯ ᠦᠭᠡᠢ ᠪᠠᠷ ᠬᠥᠳᠡᠭᠡ ᠠᠵᠤ ᠠᠬᠤᠢ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ᠂ | ᠶᠠᠰᠤ ᠴᠢᠨᠠᠷ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ᠂ ᠨᠡᠷᠡᠲᠦ ᠲᠡᠮᠳᠡᠭ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠳᠤ | ᠦᠶ᠎ᠡ ᠶᠢᠨ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ᠬᠥᠳᠡᠭᠡ ᠲᠣᠰᠬᠤᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠲᠣᠭᠲᠠᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠪᠠ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢ ᠪᠣᠳᠠᠲᠠᠢ ᠪᠠᠷ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ | ᠬᠡᠮᠵᠢᠬᠦ ᠶᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠪᠠᠷ ᠢᠯᠭᠠᠨ ᠲᠠᠨᠢᠭᠰᠠᠨ ᠬᠢᠨᠠᠨ ᠬᠡᠮᠵᠢᠬᠦ ᠡᠷᠦᠬᠡ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠢ ᠪᠠᠷ ᠨᠠᠶᠢᠳᠠᠪᠤᠷᠢᠵᠢᠭᠤᠯᠤᠨ᠂ ᠬᠡᠪᠴᠢᠶᠡᠵᠢᠭᠰᠡᠨ ᠴᠢᠨᠠᠷᠲᠠᠢ ᠪᠠᠷ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ᠠᠵᠤ ᠦᠢᠯᠡᠰ ᠪᠣᠯᠣᠨ ᠠᠵᠢᠯ ᠣᠯᠭᠤᠯᠲᠠ ᠶᠢᠨ ︽ᠬᠤᠶᠠᠷ ᠵᠠᠩᠭᠢᠯᠠᠭ᠎ᠠ︾ ᠶᠢ ᠠᠳᠬᠤᠵᠤ᠂ ︽ᠠᠷᠪᠠᠨ ᠬᠦᠴᠦᠷᠬᠡᠭ ᠪᠠᠯᠭᠠᠰᠤ᠂ ᠵᠠᠭᠤᠨ ᠬᠦᠴᠦᠷᠬᠡᠭ ᠲᠣᠰᠬᠤᠨ᠂ | ᠮᠢᠩᠭᠠᠨ ᠬᠦᠴᠦᠷᠬᠡᠭ ᠡᠷᠦᠬᠡ︾ ᠶᠢ ᠪᠦᠲᠦᠮᠵᠢᠲᠡᠢ ᠵᠣᠯᠭᠠᠭᠤᠯᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠦᠶᠤᠸᠠᠨ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ | ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠴᠡᠭᠴᠡᠯᠡᠨ ᠵᠠᠰᠠᠯᠲᠠ ᠶᠢ ᠪᠠᠲᠤᠳᠬᠠᠬᠤ ᠪᠣᠯᠤᠨ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠶᠢ ᠰᠠᠶᠢᠲᠤᠷ | ᠠᠳᠬᠤᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ | ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠵᠠᠰᠠᠬᠤ ᠶᠢ ᠣᠷᠣᠨ ᠲᠣᠭᠤᠷᠢᠭ ᠲᠥᠷᠥᠯ ᠬᠤᠪᠢᠶᠠᠨ ᠠᠬᠢᠭᠤᠯᠤᠨ᠎ᠠ᠃ | ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠡᠷᠬᠡ | ᠪᠣᠭᠤᠮᠲᠠ ᠶᠢ ᠰᠢᠪᠲᠤᠯᠬᠤ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ | ︾ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ | ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠠᠭᠠᠲᠤ | ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠠᠷ ᠪᠥᠬᠦ ᠬᠤᠲᠠ ᠶᠢᠨ ᠪᠦᠬᠦᠶᠢᠯᠡ ᠰᠢᠨ᠎ᠡ ᠶᠢ ᠡᠭᠦᠳᠬᠦ | ᠴᠢᠳᠠᠪᠤᠷᠢ ᠶᠢᠨ ᠳᠡᠭᠡᠭᠰᠢᠯᠡᠯᠲᠡ ᠶᠢ ᠳᠠᠶᠢᠴᠢᠯᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ | ᠰᠢᠭᠤᠢ ᠶᠢᠨ ᠶᠡᠭᠡ ᠰᠤᠷᠭᠠᠭᠤᠯᠢ᠂ ᠵᠢᠶᠠᠩᠨᠠᠨ ᠶᠡᠭᠡ ᠰᠤᠷᠭᠠᠭᠤᠯᠢ᠂ ᠪᠣᠷᠣᠲᠣᠬᠤᠢ ᠳᠡᠭᠡᠳᠦ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠶᠡᠭᠡ | ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠪᠦᠯᠬᠦᠮ ᠳᠤ ᠲᠦᠰᠢᠭᠯᠡᠨ᠂ ᠪᠤᠭᠤᠳᠠᠢ᠂ ᠠᠯᠠᠰᠢᠨ ᠬᠤᠨᠢ᠂ ᠨᠡᠷᠡᠨ ᠬᠤᠸᠠᠷ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠢ ᠪᠠᠶᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠨ ᠡᠬᠢᠲᠦ ᠪᠣᠬᠢᠷᠳᠤᠯ ᠢ ᠵᠠᠰᠠᠬᠤ᠂ | ᠲᠠᠷᠢᠶᠠᠯᠠᠩ ᠤᠨ ᠶᠡᠬᠡᠪᠡᠷ ᠤᠰᠤ ᠠᠷᠪᠢᠯᠠᠵᠤ ᠤᠰᠤ ᠶᠢ ᠬᠢᠵᠠᠭᠠᠷᠯᠠᠬᠤ ᠵᠡᠷᠭᠡ ᠬᠦᠷᠢᠶ᠎ᠡ ᠶᠢᠨ ᠲᠣᠭᠤᠷᠢᠨ ᠳᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ | ᠪᠣᠭᠤᠮᠲᠠ ᠶᠢ ᠰᠢᠪᠲᠤᠯᠬᠤ ᠠᠵᠢᠯ ᠢ ᠥᠷᠨᠢᠭᠦᠯᠦᠨ᠎ᠡ᠃ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠨᠡᠷᠡᠨ | ᠬᠤᠸᠠᠷ ᠤᠨ ᠠᠵᠤ ᠦᠢᠯᠡᠰ ᠤᠨ ᠰᠦᠷᠦᠭᠵᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠤᠣᠯᠯᠠᠬᠤ ᠠᠵᠤ | ᠦᠢᠯᠡᠰ ᠤᠨ ᠲᠣᠭᠤᠷᠢᠨ ᠳᠤ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠠᠴᠠ ᠳᠡᠭᠡᠭᠰᠢ ᠪᠣᠶᠢᠵᠢᠭᠤᠯᠤᠨ ᠣᠷᠣᠭᠤᠯᠵᠤ᠂ | ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠦᠢᠯᠡᠳᠬᠦᠨ ᠤ ᠥᠷᠲᠡᠭ ᠢ 120 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠦᠷ᠎ᠡ ᠪᠦᠲᠦᠭᠡᠯ ᠤᠨ ᠦᠵᠡᠰᠬᠦᠯᠡᠩ ᠢ ᠪᠡᠯᠡᠳᠬᠡᠨ ᠬᠤᠷᠠᠯᠳᠤᠭᠤᠯᠤᠨ᠎ᠠ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ | ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠳᠡᠮᠵᠢᠬᠦ ᠲᠦᠷᠦ ᠶᠢᠨ ᠪᠣᠳᠣᠯᠭ᠎ᠠ ᠶᠢ | ᠨᠡᠶᠢᠲᠡᠯᠡᠵᠦ᠂ 35 ᠲᠦᠮᠡᠨ ᠮᠦ ᠲᠠᠷᠢᠮᠠᠯ ᠤᠨ ᠡᠭᠦᠷᠭᠡ ᠶᠢ ᠪᠡᠶᠡᠯᠡᠭᠦᠯᠦᠨ᠎ᠡ︔ ᠴᠢᠨᠠᠷ ᠰᠠᠶᠢᠲᠠᠢ ᠪᠤᠭᠤᠳᠠᠢ ᠲᠠᠷᠢᠬᠤ ᠲᠠᠯᠠᠪᠠᠢ ᠶᠢ ᠥᠷᠭᠡᠳᠬᠡᠵᠦ᠂ ᠠᠮᠤ ᠪᠤᠳᠠᠭᠠᠨ ᠤ | ᠲᠠᠷᠢᠮᠠᠯ ᠤᠨ ᠲᠠᠯᠠᠪᠠᠢ ᠶᠢ 550 ᠲᠦᠮᠡᠨ ᠮᠦ ᠳᠤ ᠲᠣᠭᠲᠠᠪᠤᠷᠢᠵᠢᠭᠤᠯᠵᠤ᠂ ᠤᠨᠠᠯᠲᠠ ᠶᠢ 55 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ︔ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠮᠠᠯ ᠤᠨ ᠠᠷᠠᠴᠢᠯᠠᠨ | ᠲᠡᠵᠢᠭᠡᠬᠦ ᠬᠡᠮᠵᠢᠶ᠎ᠡ ᠶᠢ 2300 ᠲᠦᠮᠡᠨ ᠲᠣᠯᠣᠭᠠᠢ ᠣᠷᠴᠢᠮ ᠳᠤ ᠲᠣᠭᠲᠠᠪᠤᠷᠢᠵᠢᠭᠤᠯᠵᠤ᠂ ᠮᠢᠬᠠᠨ ᠤ ᠭᠠᠷᠤᠯᠲᠠ ᠶᠢ 42 ᠲᠦᠮᠡᠨ ᠲᠣᠨ ᠣᠷᠴᠢᠮ ᠳᠤ | ᠲᠣᠭᠲᠠᠪᠤᠷᠢᠵᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ︽ | ᠬᠠᠲᠠᠭᠤ ᠴᠢᠩᠭ᠎ᠠ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ︾ ᠶᠢ ᠡᠷᠡᠰ ᠬᠤᠷᠢᠭᠯᠠᠵᠤ | ᠂ ︽ᠠᠮᠤ ᠪᠤᠳᠠᠭᠠᠨ ᠤ ᠪᠤᠰᠤ ᠵᠦᠢᠯ ᠳᠤ ᠬᠡᠷᠡᠭᠯᠡᠬᠦ︾ ᠶᠢ ᠰᠡᠷᠭᠡᠶᠢᠯᠡᠬᠦ ᠬᠡᠷᠡᠭᠲᠡᠢ︔ ᠬᠤᠵᠢᠷᠯᠢᠭ ᠭᠠᠵᠠᠷ ᠢ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ᠂ 32.5 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠠᠰᠠᠭᠤᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠲᠦᠮᠡᠨ ᠮᠦ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 10 ᠪᠠᠶᠢᠭᠤᠯᠵᠤ᠂ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ 200 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ︔ ᠠᠯᠠᠰᠢᠨ ᠬᠤᠨᠢ᠂ ᠰᠦ ᠶᠢᠨ ᠦᠢᠯᠡᠰ᠂ ᠠᠯᠠᠰᠢᠨ | ᠦᠬᠡᠷ᠂ ᠢᠮᠠᠭᠠᠨ ᠨᠣᠯᠤᠤᠷ᠂ ᠨᠡᠷᠡᠨ ᠬᠤᠸᠠᠷ᠂ ᠪᠤᠭᠤᠳᠠᠢ᠂ ᠵᠢᠮᠢᠰ ᠢᠳᠡᠰᠢᠨ ᠨᠣᠭᠤᠭ᠎ᠠ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠬᠦ ᠲᠠᠯᠠᠪᠠᠶ ᠶᠢ 20 | ᠲᠦᠮᠡᠨ ᠮᠦ ᠠᠴᠠ ᠳᠡᠭᠡᠭᠰᠢ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 35 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠮᠠᠯ | ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠳᠠᠭᠠᠳᠬᠠᠯ ᠢ ᠦᠷᠭᠦᠯᠵᠢᠯᠡᠨ ᠠᠬᠢᠭᠤᠯᠤᠨ᠎ᠠ︔ ᠬᠠᠩᠭᠢᠨ ᠬᠤᠶᠢᠲᠤ ᠬᠤᠰᠢᠭᠤᠨ ᠤ ᠪᠦᠬᠦ ᠤᠯᠤᠰ ᠤᠨ | ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠬᠢᠴᠢᠯᠠᠭᠰᠠᠨ ᠬᠤᠰᠢᠭᠤᠴᠢ ᠰᠢᠶᠠᠨ ᠪᠠᠶᠢᠭᠤᠯᠬᠤ ᠶᠢ ᠳᠡᠮᠵᠢᠵᠦ᠂ ᠦᠶᠤᠸᠠᠨ ᠰᠢᠶᠠᠨ ᠤ | ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠡᠮᠳᠡᠭ ᠢ ᠳᠡᠰ ᠳᠡᠪᠰᠢᠭᠦᠯᠬᠦ ᠠᠵᠢᠯᠯᠠᠭ᠎ᠠ ᠥᠷᠨᠢᠭᠦᠯᠦᠨ᠎ᠡ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠡᠷᠬᠡ | ᠣᠯᠭᠤᠭᠰᠠᠨ ᠦᠢᠯᠡᠳᠬᠦᠨ ᠢ ︽ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠤᠨ ᠮᠠᠭᠠᠳᠯᠠᠯᠲᠠ ᠶᠢ ᠠᠬᠢᠭᠤᠯᠤᠨ᠎ᠠ ︔ ᠨᠠᠩ ᠣᠯᠠᠨ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠪᠠᠷᠢᠮᠵᠢᠶ᠎ᠠ ᠪᠠᠷ ᠦᠢᠯᠡᠳᠪᠦᠷᠢᠯᠡᠨ | ᠪᠣᠯᠪᠠᠰᠤᠷᠠᠭᠤᠯᠵᠤ᠂ ᠡᠷᠬᠡ ᠣᠯᠭᠤᠭᠰᠠᠨ ᠦᠢᠯᠡᠳᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠣᠯᠠᠨ ᠤᠯᠤᠰ ᠤᠨ ᠲᠠᠸᠠᠷ ᠤᠨ ᠲᠡᠮᠳᠡᠭ ᠢ 4 | ᠳᠠᠩᠰᠠᠯᠠᠭᠤᠯᠬᠤ ᠶᠢ ᠪᠡᠶᠡᠯᠡᠭᠦᠯᠦᠨ᠎ᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠣᠷᠣᠵᠤ ᠰᠠᠭᠤᠬᠤ ᠠᠵᠤ | ᠠᠬᠤᠶᠢᠯᠠᠯ ᠤᠨ ᠪᠦᠲᠦᠴᠡ ᠶᠢ ᠰᠢᠯᠢᠳᠡᠭᠵᠢᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠤᠯᠤᠰ ᠤᠨ ᠲᠠᠰ ᠤᠨ ᠮᠡᠳᠡᠯᠭᠡ ᠶᠢᠨ ᠥᠮᠴᠢᠯᠡᠯ ᠤᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠢ ᠪᠠᠶᠢᠭᠤᠯᠤᠨ᠎ᠠ᠃ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠦᠷ᠎ᠡ ᠶᠢᠨ ᠦᠢᠯᠡᠰ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ | ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ | ᠬᠠᠳᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠶᠢᠨ ᠴᠢᠨᠠᠷ ᠤᠨ ᠭᠧᠨ ᠤ ᠬᠥᠮᠥᠷᠭᠡ ᠶᠢ ᠤᠯᠤᠰ ᠤᠨ ᠲᠡᠰ ᠤᠨ ᠦᠷ᠎ᠡ ᠶᠢᠨ ᠴᠢᠨᠠᠷ | ᠤᠨ ᠭᠧᠨ ᠤ ᠬᠥᠮᠥᠷᠭᠡ ᠪᠣᠯᠭᠠᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ 8 ᠦᠷ᠎ᠡ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ | ᠤᠳᠤ ᠦᠶ᠎ᠡ ᠶᠢᠨ ᠦᠷ᠎ᠡ ᠶᠢᠨ ᠦᠢᠯᠡᠰ ᠢ ᠬᠠᠮᠠᠭᠠᠯᠠᠨ ᠪᠣᠶᠢᠵᠢᠭᠤᠯᠵᠤ ᠦᠷᠡᠵᠢᠭᠦᠯᠦᠨ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ 10 ᠲᠦᠮᠡᠨ ᠰᠠᠭᠠᠯᠢ ᠶᠢᠨ ᠦᠨᠢᠶ᠎ᠡ ᠶᠢᠨ | ᠰᠠᠭᠠᠯᠢ ᠶᠢᠨ ᠦᠢᠯᠡᠰ ᠤᠨ 3 ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠭᠠᠯᠢ ᠶᠢᠨ ᠦᠨᠢᠶ᠎ᠡ ᠠᠷᠠᠴᠢᠯᠠᠨ ᠲᠡᠵᠢᠭᠡᠬᠦ | ᠬᠡᠮᠵᠢᠶ᠎ᠡ ᠶᠢ 28 ᠲᠦᠮᠡ ᠠᠴᠠ ᠳᠡᠭᠡᠭᠰᠢ ᠳᠤ ᠬᠦᠷᠦᠭᠦᠯᠵᠦ᠂ ᠰᠠᠭᠠᠯᠢ ᠶᠢᠨ ᠲᠥᠷᠥᠯ ᠤᠨ ᠭᠠᠷᠤᠯᠲᠠ ᠶᠢ 100 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ | ︔ ᠢᠯᠢ ᠶᠢᠨ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠬᠦ ᠲᠦᠷᠦᠯ ᠵᠦᠢᠯ ᠡᠷᠲᠡᠬᠡᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠲᠦᠷᠭᠡᠳᠬᠡᠨ᠎ᠡ᠃ ᠠᠵᠤ ᠦᠢᠯᠡᠳᠪᠦᠷᠢ ᠶᠢᠨ ᠠᠵᠤ ᠠᠬᠤᠢ ᠶᠢᠨ | ᠠᠵᠢᠯᠯᠠᠭᠠᠨ ᠢ ᠬᠢᠨᠠᠨ ᠬᠡᠮᠵᠢᠬᠦ ᠪᠠ ᠵᠠᠳᠠᠯᠤᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠠᠵᠤ ᠦᠢᠯᠡᠳᠪᠦᠷᠢ ᠶᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠠᠵᠤ ᠦᠢᠯᠡᠰ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠭᠤᠯᠬᠤ ᠶᠢ | ᠪᠡᠶᠡᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ | ᠬᠥᠭᠵᠢᠯᠲᠡ ᠶᠢᠨ ︽ᠬᠤᠶᠠᠷ ᠢ ᠲᠡᠷᠢᠭᠦᠨ ᠳᠤ ᠲᠠᠯᠪᠢᠬᠤ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠬᠤᠲᠠ ᠪᠠᠷ ᠢᠶᠠᠨ ᠨᠢᠭᠡ ᠬᠥᠯᠭᠡ ᠰᠢᠲᠠᠷ᠎ᠠ ᠪᠣᠯᠬᠤ ᠶᠢ ᠪᠠᠷᠢᠮᠲᠠᠯᠠᠨ᠂ ︽ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠠᠯᠠᠪᠤᠷ︾ ︽ᠬᠡᠷᠡᠯ ᠴᠡᠨᠡᠭ ᠤᠨ ᠲᠠᠯᠠᠪᠤᠷ︾ | ᠪᠠ ︽ᠦᠢᠯᠡᠳᠪᠦᠷᠢ︾ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠷᠢᠮᠲᠠᠯᠠᠨ᠂ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠶᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠪᠠ ᠲᠣᠨᠤᠭ | ᠲᠥᠬᠦᠭᠡᠷᠦᠮᠵᠢ ᠦᠶᠯᠡᠳᠬᠦ ᠦᠢᠯᠡᠰ ᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠱᠠᠩᠬᠠᠢ ᠶᠢᠨ ᠰᠦᠮ᠎ᠡ ᠶᠢᠨ ᠣᠨᠴᠠ ᠥᠨᠳᠥᠷ ᠬᠦᠴᠦᠳᠡᠯ ᠤᠨ ᠢᠵᠢ | ᠪᠦᠷᠢᠳᠦᠭᠰᠡᠨ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ 110 ᠲᠦᠮᠡᠨ ᠺᠢᠯᠣᠸᠠᠲ ᠤᠨ ᠥᠷᠢᠰᠦᠯᠳᠦᠭᠡᠨ ᠤ ᠴᠢᠨᠠᠷᠲᠠᠢ ᠲᠥᠪᠯᠡᠷᠡᠩᠭᠦᠢ | ᠲᠥᠬᠦᠷᠵᠢᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︔ ᠳ᠋ᠧᠩᠺᠸᠦ ᠶᠢᠨ ᠤᠯᠠᠭᠠᠨᠪᠤᠬ᠎ᠠ ᠶᠢᠨ ᠡᠯᠡᠰᠦᠨ ᠴᠥᠯ ᠤᠨ ᠮᠢᠩᠭᠠᠨ ᠲᠦᠮᠡᠨ ᠺᠢᠯᠣᠸᠠᠲ ᠤᠨ ᠳᠡᠰ ᠤᠨ | ᠭᠡᠷᠡᠯ ᠸᠣᠯᠲ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠠᠯᠬᠢᠨ ᠬᠦᠴᠦᠨ ᠤ ᠮᠠᠰᠢᠨ ᠤ ᠪᠦᠬᠦᠯᠢ ᠮᠠᠰᠢᠨ ᠢ | ᠦᠶᠯᠡᠳᠬᠦ᠂ ᠨᠡᠷᠡᠨ ᠡᠨᠧᠷᠭᠢ ᠶᠢᠨ ᠳ᠋ᠢᠶᠠᠨ ᡂᠢ ᠶᠢᠨ ᠰᠡᠯᠪᠢᠭ ᠲᠣᠨᠤᠭ᠂ ᠬᠡᠷᠡᠯ ᠢᠯᠴᠢ ᠶᠢᠨ ᠲᠣᠨᠤᠭ ᠲᠥᠬᠦᠭᠡᠷᠦᠮᠵᠢ ᠦᠶᠯᠡᠳᠬᠦ᠂ ︽ᠴᠠᠬᠢᠯᠭᠠᠨ ᠤ ᠰᠤᠷᠪᠤᠯᠵᠢ | ᠪᠠ ᠲᠣᠣᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠣᠲᠣ ᠶᠢᠨ ᠪᠠᠶᠢᠭ᠎ᠠ | ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠠᠵᠤ ᠠᠬᠤᠶᠢᠯᠠᠯ ᠤᠨ ᠬᠡᠯᠬᠢᠶᠡᠰᠦ ᠶᠢ ᠤᠷᠲᠤᠳᠬᠠᠨ ᠨᠥᠬᠦᠪᠦᠷᠢᠯᠡᠬᠦ ᠶᠢ ᠠᠬᠢᠭᠤᠯᠤᠨ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠮᠠᠯᠠᠯᠲᠠ ᠶᠢ ᠨᠠᠶᠢᠳᠠᠪᠤᠷᠢᠵᠢᠭᠤᠯᠵᠤ᠂ ᠨᠤᠲᠤᠭᠰᠢᠵᠤ ᠠᠵᠢᠯ ᠢᠶᠠᠨ ᠡᠬᠢᠯᠡᠭᠦᠯᠦᠭᠰᠡᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠶᠯᠡᠳᠬᠦ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠣᠷᠤᠯᠴᠠᠬᠤ ᠶᠢ ᠳᠡᠮᠵᠢᠨ᠎ᠡ᠃ ᠪᠠᠯ ᠴᠢᠯᠠᠭᠤᠨ ᠤ ᠠᠵᠤ | ᠦᠢᠯᠡᠰ ᠢ ᠨᠡᠭᠡᠭᠡᠨ ᠬᠥᠭᠵᠢᠭᠦᠯᠵᠦ ᠰᠤᠳᠤᠯᠤᠨ ᠨᠡᠭᠡᠭᠡᠬᠦ ᠶᠢ ᠠᠬᠢᠭᠤᠯᠵᠤ᠂ ᠣᠨᠴᠠᠯᠢᠭᠲᠤ ᠠᠮᠢᠳᠤ ᠪᠣᠳᠠᠰ ᠤᠨ ᠡᠮ ᠦᠶᠯᠡᠳᠬᠦ ᠠᠵᠤ ᠦᠢᠯᠡᠰ ᠢ ᠬᠥᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠦᠶᠯᠡᠳᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠮᠠᠯ ᠤᠨ ᠡᠰᠢ ᠰᠦᠷᠡᠯ᠂ ᠮᠠᠯ | ᠵᠢᠭᠦᠷᠲᠡᠨ ᠤ ᠢᠯᠭᠠᠳᠠᠰᠤ ᠶᠢᠨ ᠪᠣᠬᠢᠷᠲᠤᠯ᠂ ᠣᠷᠭᠠᠨᠢᠭ ᠬᠠᠶᠠᠭᠳᠠᠮᠠᠯ ᠪᠣᠳᠠᠰ ᠵᠡᠷᠭᠡ ᠠᠮᠢᠳᠤ ᠪᠣᠳᠠᠰ ᠤᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ | ᠦᠢᠯᠡᠰ ᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ | ᠲᠣᠭᠠᠴᠢᠯᠠᠬᠤ ᠥᠭᠡᠷᠡᠴᠢᠯᠡᠯᠲᠡ ᠶᠢ ᠲᠦᠷᠭᠡᠳᠬᠡᠨ᠂ 5G ᠰᠠᠭᠤᠷᠢ ᠥᠷᠲᠡᠭᠡ ᠶᠢ 500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ᠂ | ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠭᠤᠷᠬᠠᠢ ᠶᠢᠨ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠨᠢᠭᠡ ᠪᠦᠯᠦᠭ | ᠮᠡᠷᠭᠡᠵᠢᠯ ᠤᠨ ᠳᠠᠪᠠᠭᠤᠯᠢᠭ ᠪᠤᠶᠤ ᠵᠠᠬ᠎ᠠ ᠳᠡᠯᠭᠡᠭᠦᠷ ᠤᠨ ᠳᠠᠪᠠᠭᠤᠯᠢᠭ ᠲᠠᠢ ︽ᠬᠡᠯᠬᠢᠶ᠎ᠡ ᠶᠢᠨ ᠭᠤᠣᠯᠯᠠᠭᠴᠢ ᠠᠵᠤ ᠠᠬᠤᠶᠢᠯᠠᠯ︾ ᠢ ᠪᠣᠶ ᠪᠣᠯᠭᠠᠵᠤ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠭᠰᠠᠨ᠂ ᠰᠦᠷᠦᠭᠵᠢᠯ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠦᠬᠦᠰᠢᠷᠡᠮᠡᠯ ᠠᠵᠤ | ᠠᠬᠤᠶᠢᠯᠠᠯ᠂ ᠦᠷ᠎ᠡ ᠪᠦᠲᠦᠮᠵᠢ ᠮᠠᠭᠤᠲᠠᠢ ᠠᠵᠤ ᠠᠬᠤᠶᠢᠯᠠᠯ ᠢ ᠴᠡᠪᠡᠷᠯᠡᠨ ᠰᠤᠯᠠᠯᠠᠵᠤ ᠭᠠᠷᠭᠠᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠵᠦ᠂ ᠴᠡᠪᠡᠷ | ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠤᠷᠠᠯᠠᠯ ᠤᠨ ᠲᠥᠬᠦᠭᠡᠷᠦᠮᠵᠢ ᠶᠢ ᠳᠡᠭᠡᠭᠰᠢᠯᠡᠭᠦᠯᠬᠦ ᠠᠵᠢᠯ ᠢ | ᠥᠷᠨᠢᠭᠦᠯᠵᠦ᠂ ᠨᠢᠭᠡ ᠪᠦᠯᠦᠭ ᠤᠯᠤᠰ ᠤᠨ ᠲᠡᠰ ᠤᠨ ︽ᠪᠣᠬᠢᠷᠳᠤᠯ ᠦᠭᠡᠢ ᠦᠢᠯᠡᠳᠪᠦᠷᠢ︾ ︽ᠪᠣᠬᠢᠷᠳᠤᠯ ᠦᠭᠡᠢ ᠠᠭᠤᠷᠬᠠᠢ︾ ᠶᠢ ᠪᠦᠲᠦᠭᠡᠨ ᠪᠠᠶᠢᠭᠤᠯᠤᠨ᠎ᠠ᠃ | ᠳᠤᠮᠳᠠ ᠵᠢᠵᠢᠭ ᠠᠵᠤ ᠠᠬᠤᠶᠢᠯᠠᠯ ᠢ ᠲᠦᠷᠭᠡᠪᠴᠢᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ | ᠦᠢᠯᠡᠳᠪᠦᠷᠢᠯᠡᠯ ᠤᠨ ᠥᠪᠡᠷ ᠤᠨ ᠦᠷᠳᠡᠭ ᠳᠡᠭᠡᠭᠰᠢᠯᠡᠬᠦ᠂ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ᠂ ᠰᠢᠨ᠎ᠡ ᠶᠢ ᠡᠭᠦᠳᠬᠦ | ᠬᠥᠭᠵᠢᠯᠲᠡ ᠶᠢᠨ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠲᠥᠪᠯᠡᠷᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠳᠤᠮᠳᠠ ᠵᠢᠵᠢᠭ ᠠᠵᠤ | ᠠᠬᠤᠶᠢᠯᠠᠯ ᠤᠨ ︽ᠬᠠᠪᠰᠤᠷᠤᠮᠵᠢ ᠪᠠᠲᠤᠯᠠᠭᠠᠲᠤ ᠵᠢᠭᠡᠯᠡᠯᠭᠡ︾ ᠶᠢ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠣᠨᠴᠠ ᠰᠢᠨ᠎ᠡ︾ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠢᠳᠡᠪᠬᠢᠲᠡᠢ ᠪᠠᠷ ᠲᠡᠳᠬᠦᠨ ᠲᠡᠮᠵᠢᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠲᠥᠪ | ᠪᠠᠶᠢᠭᠤᠯᠬᠤ ᠶᠢ ᠲᠡᠮᠵᠢᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠮᠠᠯ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ᠂ ᠲᠠᠷᠢᠶᠠᠯᠠᠩ ᠤᠨ ᠮᠠᠰᠢᠨ ᠦᠶᠯᠡᠳᠬᠦ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ | ᠲᠣᠭᠤᠷᠢᠨ ᠳᠤ ᠨᠢᠭᠡ ᠪᠦᠯᠦᠭ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢᠶᠠᠷ ᠲᠣᠪᠣᠶᠢᠮ᠎ᠠ᠂ ᠥᠷᠢᠰᠦᠯᠳᠦᠬᠦ ᠬᠦᠴᠦᠨ ᠢᠶᠠᠷ ᠴᠢᠩᠭ᠎ᠠ᠂ ᠪᠤᠶᠢᠵᠢᠯᠲᠠ ᠶᠢᠨ | ᠴᠢᠨᠠᠷ ᠢᠶᠠᠷ ᠰᠠᠶᠢᠨ ᠲᠤᠰᠬᠠᠢ ᠨᠠᠷᠢᠯᠢᠭ ᠣᠨᠴᠠ ᠰᠢᠨ᠎ᠡ ︽ᠬᠡᠪᠴᠢᠶ᠎ᠡ ᠨᠢ ᠵᠢᠵᠢᠭ ᠪᠣᠯᠪᠠᠴᠤ ᠬᠥᠭᠵᠢᠯᠲᠡ ᠨᠢ ᠰᠠᠶᠢᠲᠠᠢ ᠠᠪᠤᠷᠭᠤ︾ ᠠᠵᠤ ᠠᠬᠤᠶᠢᠯᠠᠯ ᠢ | ᠪᠣᠶᠢᠵᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠠᠲᠤᠨ ᠭᠤᠣᠯ ᠤᠨ ︽ᠵᠢᠢ︾ ᠦᠰᠦᠭ ᠤᠨ ᠰᠣᠶᠣᠯ ᠵᠢᠭᠤᠯᠴᠢᠯᠠᠯ ᠤᠨ | ᠪᠦᠰᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠠᠷᠢᠶᠠᠯᠠᠩ ᠰᠣᠶᠣᠯ ᠵᠢᠭᠤᠯᠴᠢᠯᠠᠯ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠡᠯᠡᠰᠦᠨ ᠴᠥᠯ ᠳᠤ | ᠬᠡᠭᠡᠷ᠎ᠡ ᠪᠠᠭᠤᠳᠠᠯᠯᠠᠬᠤ᠂ ᠡᠷᠡᠭᠦᠯᠵᠢᠯ ᠰᠤᠪᠢᠯᠠᠯᠲᠠ ᠰᠡᠯᠡᠭᠦᠴᠡᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠦᠨ᠂ | ᠬᠤᠲᠠ ᠶᠢᠨ ᠲᠡᠭᠦᠷᠭᠡ ᠶᠢᠨ ᠰᠡᠯᠡᠭᠦᠴᠡᠯ ᠠᠮᠠᠷᠠᠯᠲᠠ᠂ ᠠᠮᠢ ᠠᠬᠤᠢ ᠶᠢᠨ ᠲᠠᠷᠢᠶᠠᠯᠠᠩ ᠤᠨ ᠵᠢᠭᠤᠯᠴᠢᠯᠠᠯ᠂ ᠤᠰᠤᠨ ᠠᠰᠢᠭᠯᠠᠯᠲᠠ ᠶᠢᠨ ᠰᠣᠶᠣᠯ ᠤᠨ ᠦᠵᠡᠭᠦᠯᠦᠯᠭᠡ᠂ | ᠠᠷᠠᠳ ᠤᠨ ᠵᠠᠩ ᠦᠶᠯᠡ ᠶᠢ ᠪᠡᠶ᠎ᠡ ᠪᠠᠷ ᠢᠶᠠᠨ ᠣᠶᠢᠯᠠᠭᠠᠬᠤ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ | ᠪᠣᠬᠢᠷᠳᠤᠯ ᠦᠭᠡᠢ ᠬᠡᠮᠵᠢᠶ᠎ᠡ᠂ ᠰᠣᠶᠣᠯ ᠤᠨ ᠠᠭᠤᠯᠤᠭᠳᠠᠬᠤᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠲᠦᠷᠭᠡᠳᠬᠡᠵᠦ᠂ ᠨᠡᠷᠡᠨ ᠬᠤᠸᠠᠷ ᠤᠨ ᠦᠷ᠎ᠡ ᠶᠢᠨ ᠬᠤᠭᠤᠴᠠᠭᠠᠲᠤ ᠪᠠᠷᠠᠭ᠎ᠠ ᠶᠢ ᠫᠠᠶᠢᠰᠠ ᠡᠯᠭᠦᠨ | ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ | ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠪᠣᠶᠢᠵᠢᠭᠤᠯᠤᠨ ᠬᠦᠴᠦᠷᠬᠡᠭᠵᠢᠭᠦᠯᠵᠦ᠂ ᠲᠣᠰ | ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠨᠡᠷᠡᠲᠦ ᠲᠡᠮᠳᠡᠭ ᠢ ᠬᠥᠭᠵᠢᠭᠦᠯᠦᠨ᠎ᠡ᠃ ᠬᠡᠷᠡᠭᠯᠡᠭᠡ ᠶᠢᠨ ᠨᠡᠮᠡᠭᠳᠡᠯ ᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ | ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠴᠢᠯᠡᠬᠦ ᠡᠵᠡᠩᠨᠡᠬᠦ ᠠᠵᠢᠯᠯᠠᠬᠤ ᠳᠦᠷᠢᠮᠵᠢᠯ ᠢ ᠲᠡᠭᠦᠯᠳᠡᠷᠵᠢᠭᠦᠯᠵᠦ᠂ ᠬᠦᠷᠦᠯᠴᠡᠬᠦ | ᠬᠡᠯᠪᠡᠷᠢ ᠶᠢᠨ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠲᠦᠯᠬᠢᠨ ᠠᠬᠢᠭᠤᠯᠵᠤ᠂ ᠬᠡᠷᠡᠭᠯᠡᠭᠡ ᠶᠢᠨ ᠰᠢᠨ᠎ᠡ ᠬᠠᠯᠠᠭᠤᠨ ᠴᠡᠭ ᠪᠠ ᠬᠡᠷᠡᠭᠯᠡᠭᠡ ᠶᠢᠨ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠪᠣᠶᠢᠵᠢᠭᠤᠯᠤᠨ᠎ᠠ᠃ | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠲᠤᠰᠬᠠᠢ | ᠵᠦᠢᠯ ᠢᠶᠠᠷ ᠢᠯᠭᠠᠷᠠᠭᠤᠯᠵᠤ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠠᠬᠤᠶᠢᠯᠠᠯ᠂ | ᠦᠢᠯᠡᠳᠪᠦᠷᠢᠯᠡᠯ ᠢᠶᠠᠨ ᠵᠣᠭᠰᠣᠭᠠᠵᠤ ᠳᠠᠮᠫᠤᠷᠠᠭᠰᠠᠨ ᠠᠵᠤ ᠠᠬᠤᠶᠢᠯᠠᠯ ᠢ ᠪᠥᠬᠦ ᠲᠠᠯ᠎ᠠ ᠪᠠᠷ ᠢᠯᠭᠠᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ | ᠪᠣᠯᠣᠨ ᠢᠵᠢ ᠪᠦᠷᠢᠳᠦᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠵᠤ | ᠦᠢᠯᠡᠰ ᠤᠨ ᠲᠥᠷᠥᠯ ᠵᠦᠢᠯ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠩ ᠣᠯᠠᠨ ᠠᠵᠤ ᠠᠬᠤᠶᠢᠯᠠᠯ ᠤᠨ ᠬᠦᠷᠢᠶᠡᠯᠡᠩ | ᠲᠣᠭᠤᠷᠢᠭ ᠲᠤ ᠣᠷᠣᠵᠤ ᠬᠥᠭᠵᠢᠬᠦ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ︽ᠭᠠᠵᠠᠷ ᠢᠶᠠᠨ ᠣᠯᠣᠮᠠᠭᠴᠠ ᠠᠵᠢᠯ ᠢᠶᠠᠨ | ᠡᠬᠢᠯᠡᠭᠦᠯᠬᠦ︾ ᠶᠢ ᠴᠢᠷᠮᠠᠶᠢᠨ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠢ ᠶᠡᠬᠡᠪᠡᠷ ᠪᠣᠭᠤᠨᠢᠰᠬᠠᠨ᠂ | ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠭᠠᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠶᠤᠨᠲᠤ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ | ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠤᠷᠠᠳ ᠤᠨ ᠬᠤᠶᠢᠲᠤ | ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠥᠬᠦ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ | ᠲᠤᠷᠰᠢᠯᠲᠠ ᠶᠢᠨ ᠴᠡᠭ ᠲᠤ ᠣᠷᠣᠭᠤᠯᠬᠤ ᠶᠢ ᠠᠬᠢᠭᠤᠯᠤᠨ᠎ᠠ᠃ | ︵ᠳᠥᠷᠪᠡ︶ ᠠᠮᠢ ᠠᠬᠤᠢ ᠶᠢᠨ ᠬᠠᠮᠠᠭᠠᠯᠠᠯᠲᠠ ᠶᠢ ᠬᠦᠴᠦᠯᠡᠨ ᠴᠢᠩᠭᠠᠳᠬᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠡᠩ | ᠴᠢᠬᠤᠯᠠᠴᠢᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ︽ᠭᠤᠷᠪᠠᠨ ᠱᠤᠭᠤᠮ | ᠨᠢᠭᠡ ᠲᠠᠩᠰᠠ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠢ | ᠡᠬᠢ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠡᠵᠢ ᠭᠤᠣᠯ ᠢ ᠬᠠᠮᠠᠭᠠᠯᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠤᠯᠠᠭᠠᠨᠰᠤᠬᠠᠢ ᠨᠠᠭᠤᠷ | ᠤᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠰᠢᠯᠭᠠᠨ ᠬᠤᠷᠢᠶᠠᠬᠤ ᠶᠢ ᠪᠡᠶᠡᠯᠡᠭᠦᠯᠵᠦ᠂ ᠴᠢᠨᠠᠷ ᠰᠠᠶᠢᠲᠠᠢ | ᠢᠨᠵᠧᠨᠧᠷᠢᠩ ᠢ ᠴᠢᠷᠮᠠᠶᠢᠨ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠲᠥᠯᠦᠪᠵᠢᠭᠦᠯᠭᠡ︾ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠣᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠎ᠡ᠃ ᠤᠯᠠᠭᠠᠨᠰᠤᠬᠠᠢ ᠨᠠᠭᠤᠷ ᠤᠨ ︽ᠵᠢᠭᠠᠰᠤᠴᠢᠨ ᠡᠷᠭᠢ ᠳᠤ ᠭᠠᠷᠬᠤ︾ ᠢᠨᠵᠧᠨᠧᠷᠢᠩ ᠢ | ᠬᠡᠷᠡᠭᠵᠢᠭᠦᠯᠵᠦ᠂ ᠨᠠᠭᠤᠷ ᠲᠣᠭᠤᠷᠢᠮ ᠢ ᠠᠮᠤᠷᠵᠢᠭᠤᠯᠤᠨ ᠰᠡᠷᠭᠦᠭᠡᠨ᠎ᠡ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠪᠠ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢᠯᠡᠵᠦ ᠱᠠᠩᠨᠠᠬᠤ ᠲᠣᠭᠲᠠᠴᠠ ᠶᠢ | ᠨᠠᠶᠢᠳᠠᠪᠤᠷᠢᠵᠢᠭᠤᠯᠤᠨ᠂ 36.2 ᠲᠦᠮᠡᠨ ᠮᠦ ᠣᠢ ᠣᠶᠢᠵᠢᠭᠤᠯᠵᠤ ᠨᠣᠭᠤᠭᠠᠷᠠᠭᠤᠯᠬᠤ᠂ 19 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢ | ᠪᠡᠶᠡᠯᠡᠭᠦᠯᠦᠨ᠎ᠡ᠃ | ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠳᠤᠯ ᠢ ᠵᠠᠰᠠᠬᠤ | ᠠᠵᠢᠯ ᠢ ᠬᠦᠴᠦᠲᠡᠢ ᠠᠳᠬᠤᠵᠤ᠂ ᠬᠤᠳᠠ ᠶᠢᠨ ᠲᠡᠭᠦᠷᠭᠡ ᠪᠠ ᠬᠥᠳᠡᠭᠡ ᠲᠣᠰᠬᠤᠨ ᠤ ᠨᠡᠭᠦᠷᠡᠰᠦ ᠶᠢ ᠴᠠᠬᠢᠯᠭᠠᠨ ᠤ ᠴᠡᠪᠡᠷ ᠳᠤᠯᠠᠭᠠᠯᠠᠭ᠎ᠠ ᠪᠣᠯᠭᠠᠨ ᠥᠭᠡᠷᠡᠴᠢᠯᠡᠬᠦ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠪᠠ ᠪᠣᠬᠢᠷᠳᠤᠯ ᠭᠠᠳᠠᠭᠰᠢᠯᠠᠭᠤᠯᠬᠤ ᠠᠮᠠᠰᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ | ᠬᠥᠷᠥᠰᠥ ᠰᠢᠷᠣᠢ ᠶᠢ ᠵᠠᠰᠠᠨ ᠰᠡᠷᠭᠦᠭᠡᠬᠦ ᠪᠠ ᠠᠶᠤᠯ ᠲᠠᠢ ᠬᠠᠲᠠᠭᠤ ᠬᠠᠶᠠᠭᠳᠠᠮᠠᠯ ᠪᠣᠳᠠᠰ ᠢ ᠵᠠᠰᠠᠬᠤ ᠠᠵᠢᠯ ᠢ ᠰᠠᠶᠢᠲᠤᠷ ᠬᠢᠵᠦ᠂ ᠬᠤᠭ ᠨᠣᠪᠰᠢ ᠶᠢ ᠲᠦᠷᠦᠯ | ᠬᠤᠪᠢᠶᠠᠬᠤ ᠪᠠ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠵᠦ᠂ ᠴᠤᠸᠠᠨ ᠨᠧᠩ ᠠᠮᠢᠳᠤᠷᠠᠯ ᠤᠨ ᠬᠤᠭ ᠨᠣᠪᠰᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠲᠦᠷᠪᠡᠨ ᠵᠢᠯ ᠤᠨ ᠲᠤᠰᠬᠠᠢ ᠠᠵᠢᠯᠯᠠᠭ᠎ᠠ ᠶᠢᠨ ᠲᠥᠰᠥᠯ ᠢ | ᠲᠣᠭᠲᠠᠭᠠᠵᠤ᠂ ᠮᠡᠷᠭᠡᠵᠢᠯ ᠢᠶᠠᠷ ᠪᠣᠬᠢᠷᠳᠤᠯ ᠢ ᠪᠠᠭᠠᠰᠬᠠᠬᠤ᠂ ᠬᠡᠪᠴᠢᠶᠡᠵᠢᠭᠦᠯᠦᠨ ᠪᠣᠬᠢᠷᠳᠤᠯ ᠢ ᠪᠠᠭᠤᠷᠠᠭᠤᠯᠬᠤ᠂ ᠨᠠᠷᠢᠯᠢᠭ ᠣᠨᠣᠴᠠᠲᠠᠢ ᠪᠠᠷ ᠪᠣᠬᠢᠷᠳᠤᠯ ᠢ ᠬᠡᠮᠵᠢᠬᠦ᠂ | ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ | ᠬᠡᠷᠡᠭᠯᠡᠬᠦ ᠬᠡᠮᠵᠢᠶ᠎ᠡ ᠶᠢ ᠢᠯᠡᠳᠲᠡ ᠪᠠᠭᠤᠷᠠᠭᠤᠯᠤᠨ᠎ᠠ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠡᠭᠭᠡᠨ ᠲᠠᠯ᠎ᠠ ᠪᠠ ᠦᠨᠳᠦᠰᠦ ᠶᠢ ᠵᠡᠷᠭᠡ ᠪᠠᠷ ᠵᠠᠰᠠᠵᠤ | ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠨ᠎ᠠ᠃ | ᠡᠨᠧᠷᠭᠢ ᠶᠢᠨ ᠬᠤᠷᠣᠭᠳᠠᠯ ᠤᠰᠤᠨ ᠤ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠴᠢᠩᠭᠠᠷᠠᠭᠤᠯᠤᠨ᠎ᠠ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠬᠡᠷᠡᠭᠵᠢᠭᠦᠯᠬᠦ ᠲᠥᠰᠥᠯ ᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠴᠢᠩᠭ᠎ᠠ ᠡᠵᠡᠮᠳᠡᠬᠦ᠂ ᠶᠡᠷᠦᠩᠬᠡᠢ ᠬᠡᠮᠵᠢᠶ᠎ᠡ ᠶᠢ ᠤᠶᠠᠨ ᠬᠠᠳᠠᠨ ᠴᠢᠨᠠᠷᠲᠠᠢ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠬᠡᠷᠡᠭᠯᠡᠬᠦ | ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠪᠠᠷᠢᠮᠵᠢᠶ᠎ᠠ ᠪᠠᠷ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ︾ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ | ᠬᠡᠷᠡᠭᠵᠢᠭᠦᠯᠵᠦ᠂ ᠰᠢᠨ᠎ᠡ ᠪᠠᠷ ᠭᠠᠷᠭᠠᠭᠰᠠᠨ ᠡᠨᠧᠷᠭᠢ ᠬᠡᠷᠡᠭᠯᠡᠬᠦ ᠣᠷᠣᠨ ᠵᠠᠢ ᠶᠢ ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠳᠤ | ᠤᠷᠢᠳ ᠢᠶᠠᠷ ᠬᠡᠷᠡᠭᠯᠡᠵᠦ᠂ ︽ᠬᠤᠶᠠᠷ ᠥᠨᠳᠥᠷ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠡᠨᠧᠷᠭᠢ ᠶᠢᠨ ᠬᠤᠷᠣᠭᠳᠠᠯ ᠤᠨ | ᠬᠤᠣᠰ ᠡᠵᠡᠮᠳᠡᠯ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠤᠰᠤᠨ ᠤ ᠡᠬᠢ | ᠪᠠᠶᠠᠯᠢᠭ ᠤᠨ ᠴᠢᠩᠭ᠎ᠠ ᠬᠦᠯᠢᠶᠡᠰᠦᠯᠡᠬᠦ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢᠨ ᠤᠰᠤ ᠬᠡᠷᠡᠭᠯᠡᠬᠦ ᠪᠦᠲᠦᠴᠡ ᠶᠢ ᠨᠢᠭᠡᠳᠦᠯᠲᠡᠢ | ᠲᠥᠯᠥᠪᠯᠡᠨ ᠰᠢᠯᠢᠳᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠤᠰᠤᠨ ᠤ | ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠭᠡᠳᠡᠷᠭᠦ ᠰᠢᠬᠠᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ | ᠵᠠᠰᠠᠬᠤ ᠠᠵᠢᠯ ᠢ ᠥᠷᠨᠢᠭᠦᠯᠵᠦ᠂ ᠭᠠᠵᠠᠷ ᠳᠣᠣᠷᠠᠬᠢ ᠤᠰᠤᠨ ᠤ ᠤᠰᠤ ᠲᠠᠲᠠᠬᠤ ᠶᠡᠷᠦᠩᠬᠡᠢ ᠬᠡᠮᠵᠢᠶ᠎ᠡ ᠪᠠ ᠤᠰᠤᠨ ᠲᠦᠪᠰᠢᠨ ᠤ ᠬᠤᠣᠰ ᠡᠵᠡᠮᠳᠡᠯ ᠢ | ᠬᠡᠷᠡᠭᠵᠢᠭᠦᠯᠦᠨ᠎ᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠬᠥᠭᠵᠢᠬᠦ ᠳᠤ ᠬᠦᠴᠢᠷᠲᠡᠢ᠂ ᠬᠡᠯᠪᠡᠷᠢ ᠶᠢ ᠬᠤᠪᠢᠷᠠᠭᠤᠯᠬᠤ ᠳᠤ ᠬᠦᠴᠢᠷᠲᠡᠢ | ᠪᠣᠯᠬᠤ ᠲᠤᠳᠤᠮ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ | ᠦᠷᠭᠦᠯᠵᠢᠯᠡᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠡᠬᠢ ᠤᠨᠳᠤᠷᠤᠯ ᠬᠠᠩᠭᠠᠨ᠎ᠠ᠃ | ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠲᠥᠪᠯᠡᠷᠡᠭᠦᠯᠦᠨ ᠪᠡᠷᠬᠡ ᠪᠣᠭᠤᠮᠲᠠ ᠶᠢ ᠰᠢᠪᠲᠤᠯᠬᠤ ᠣᠨ︾ ᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ︽ᠮᠥᠩᠬᠡ ᠰᠤᠪᠠᠭ · ᠳᠥᠷᠪᠡ ᠶᠢ ᠭᠦᠢᠴᠡᠳᠬᠡᠬᠦ︾ | ᠦᠢᠯᠡᠴᠢᠯᠡᠭᠡ ᠶᠢ ᠭᠦᠨᠵᠡᠭᠡᠶᠢᠷᠡᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠰᠢᠯᠢᠳᠡᠭᠵᠢᠭᠦᠯᠵᠦ᠂ ︽ᠨᠢᠭᠡ ᠰᠦᠯᠵᠢᠶ᠎ᠡ ᠪᠠᠷ ᠨᠢᠭᠡᠳᠦᠯᠲᠡᠢ | ᠬᠠᠮᠢᠶᠠᠷᠬᠤ︾ ᠶᠢ ᠡᠬᠢᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠨᠢᠭᠡ ᠤᠲᠠᠰᠤ ᠪᠠᠷ ᠨᠡᠶᠢᠳᠡᠮ ᠨᠡᠪᠲᠡᠷᠡᠬᠦ᠂ | ᠲᠤᠰᠬᠠᠯᠲᠠ ᠶᠢ ᠬᠦᠯᠢᠶᠡᠮᠡᠭᠴᠡ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠴᠢᠩᠭᠠᠳᠬᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠡᠷᠡᠰ ᠳᠡᠮᠵᠢᠵᠦ᠂ ᠵᠠᠰᠠᠭ ᠠᠵᠤ | ᠠᠬᠤᠶᠢᠯᠠᠯ ᠤᠨ ᠨᠡᠪᠲᠡᠷᠡᠯᠴᠡᠭᠡ ︽ᠵᠠᠢ ᠵᠠᠪᠰᠠᠷ ᠦᠭᠡᠢ︾᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ︽ᠬᠠᠷᠰᠢ ᠰᠠᠭᠠᠳ ᠦᠭᠡᠢ︾᠂ ᠠᠵᠤ | ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠬᠤ ᠦᠶᠯᠡ ᠠᠵᠢᠯᠯᠠᠭ᠎ᠠ ᠶᠢ ︽ᠥᠴᠥᠬᠡᠨ ᠴᠦ ᠬᠦᠯᠢᠴᠡᠬᠦ ᠦᠭᠡᠢ︾ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠲᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠬᠦ ᠶᠢ ᠬᠦᠴᠦᠯᠡᠨ ᠠᠬᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠪᠠᠶᠢᠭᠤᠯᠤᠯᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠪᠠ ᠰᠤᠯᠠ ᠪᠠᠶᠢᠭ᠎ᠠ ᠣᠷᠣᠨ ᠰᠠᠭᠤᠴᠠ ᠶᠢᠨ ᠰᠠᠭᠤᠷᠢᠨ | ᠭᠠᠵᠠᠷ ᠢ ᠠᠮᠢᠳᠤᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠪᠣᠯᠭᠤᠮᠵᠢᠲᠠᠢ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ | ᠭᠠᠳᠠᠭᠠᠳᠤ ᠳᠤ ᠨᠡᠭᠡᠭᠡᠯᠲᠡ ᠬᠢᠬᠦ ᠲᠦᠪᠰᠢᠨ ᠢᠶᠠᠨ ᠳᠡᠭᠡᠭᠰᠢᠯᠡᠭᠦᠯᠦᠨ᠎ᠡ᠃ ᠭᠠᠭᠴᠠᠮᠣᠳᠣ ᠶᠢᠨ ᠲᠡᠮᠦᠷ ᠵᠠᠮ ᠤᠨ ᠪᠣᠭᠤᠮᠲᠠ ᠶᠢᠨ ᠭᠤᠶᠤᠴᠢᠯᠠᠨ ᠮᠡᠳᠡᠭᠦᠯᠵᠦ | ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠮᠣᠩᠭᠤᠯ ᠤᠯᠤᠰ ᠤᠨ ᠬᠢᠯᠢ ᠠᠯᠤᠰᠯᠠᠭᠰᠠᠨ ᠵᠢᠯᠣᠭᠤᠴᠢ ᠦᠭᠡᠢ ᠲᠡᠭᠡᠭᠡᠪᠦᠷᠢ ᠵᠡᠷᠭᠡ | ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠣᠭᠤᠮᠲᠠ ᠶᠢᠨ ᠨᠡᠪᠲᠡᠷᠡᠯᠲᠡ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠪᠣᠭᠤᠮᠲᠠ ᠪᠠᠷ ᠨᠡᠪᠲᠡᠷᠡᠬᠦ ᠪᠠᠷᠠᠭᠠᠨ ᠤ ᠬᠡᠮᠵᠢᠶ᠎ᠡ ᠶᠢ ᠬᠠᠮᠤᠭ ᠤᠨ | ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠯᠪᠠᠰᠤᠷᠠᠭᠤᠯᠬᠤ ᠨᠡᠭᠡᠭᠡᠯᠲᠡ ᠶᠢᠨ ᠲᠣᠭᠤᠷᠢᠭ ᠲᠤ ᠲᠦᠰᠢᠭᠯᠡᠨ᠂ ᠠᠷᠭ᠎ᠠ | ᠪᠦᠬᠦᠨ ᠢ ᠰᠦᠪᠡᠭᠴᠢᠯᠡᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠵᠡᠰ ᠤᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ | ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠵᠦ᠂ ︽ᠠᠵᠤ ᠠᠬᠤᠢ ᠶᠢᠨ ᠬᠤᠩᠭᠢᠯ︾ ᠠᠴᠠ ︽ᠬᠤᠩᠭᠢᠯ ᠤᠨ ᠠᠵᠤ ᠠᠬᠤᠢ︾ ᠲᠡᠶᠢᠰᠢ ᠬᠤᠪᠢᠷᠠᠭᠤᠯᠬᠤ᠂ ︽ | ᠵᠠᠮ ᠢᠶᠠᠷ ᠥᠩᠭᠡᠷᠡᠬᠦ ᠠᠵᠤ ᠠᠬᠤᠢ︾ ᠠᠴᠠ ︽ᠨᠤᠲᠤᠭᠰᠢᠭᠰᠠᠨ ᠠᠵᠤ ᠠᠬᠤᠢ︾ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠲᠠᠰ ᠤᠨ ᠦᠷ᠎ᠡ᠂ | ᠲᠥᠪᠡᠳ ᠬᠠᠰᠢ ᠪᠠ ᠤᠰᠤ ᠦᠭᠡᠶᠢᠳᠡᠭᠦᠯᠦᠭᠰᠡᠨ ᠨᠣᠭᠤᠭ᠎ᠠ ᠶᠢᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠥᠬᠦᠴᠡᠯ ᠲᠠᠢ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠣᠯᠠᠨ ᠨᠡᠶᠢᠲᠡ ᠶᠢᠨ | ︽ᠭᠠᠳᠠᠭᠠᠳᠤ ᠳᠠᠬᠢ ᠬᠥᠮᠥᠷᠭᠡ︾ ᠪᠠᠶᠢᠭᠤᠯᠬᠤ ᠶᠢ ᠳᠡᠮᠵᠢᠨ᠎ᠡ᠃ ᠤᠷᠠᠳ ᠤᠨ ᠬᠤᠶᠢᠲᠤ ᠬᠤᠰᠢᠭᠤᠨ ᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠬᠡᠪᠰᠢᠭᠰᠡᠨ ᠠᠵᠢᠯᠯᠠᠭ᠎ᠠ ᠶᠢ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠹᠧᠨ ᠸᠧᠢ | ᠶᠢᠨ ᠲᠠᠯ᠎ᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠣᠯᠢᠯᠴᠠᠭ᠎ᠠ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠦᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠵᠤ᠂ ᠪᠠᠶᠢᠳᠠᠯ ᠬᠡᠳᠦᠢ ᠪᠤᠳᠤᠯᠢᠶᠠᠨᠲᠠᠢ᠂ ᠡᠳ᠋ ᠤᠨ ᠬᠦᠴᠦᠨ ᠬᠡᠳᠦᠢ ᠪᠠᠴᠢᠮ ᠪᠠᠶᠢᠭᠰᠠᠨ ᠴᠤ ᠠᠷᠭ᠎ᠠ ᠪᠦᠬᠦᠨ ᠢ ᠰᠦᠪᠡᠭᠴᠢᠯᠡᠨ ᠤᠯᠠᠨ | ᠲᠦᠮᠡᠨ ᠤ ᠰᠠᠨᠠᠭᠠᠰᠢᠷᠠᠵᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠤᠯᠠᠨ ᠵᠢᠯ ᠤᠨ ᠬᠦᠰᠡᠭᠰᠡᠭᠡᠷ | ᠢᠷᠡᠭᠰᠡᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠬᠠᠩᠭᠠᠨ᠎ᠠ᠃ | ᠠᠵᠢᠯ ᠣᠯᠭᠤᠯᠲᠠ ᠪᠠ ᠴᠢᠳᠠᠪᠤᠷᠢᠲᠠᠨ ᠤ ᠠᠵᠢᠯ ᠢ ᠰᠠᠶᠢᠲᠤᠷ ᠬᠢᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ | ᠂ ᠪᠦᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠠᠵᠢᠯᠴᠢᠨ ᠬᠡᠷᠡᠭᠯᠡᠬᠦ ᠦᠢᠯᠡᠴᠢᠯᠡᠭᠡ ᠶᠢ ᠴᠢᠩᠭᠠᠳᠬᠠᠨ᠎ᠠ᠃ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭᠠᠲᠤ ᠬᠥᠮᠦᠰ ᠲᠤ ᠠᠵᠢᠯ ᠣᠯᠭᠤᠬᠤ | ᠠᠵᠢᠯ ᠢ ᠰᠠᠶᠢᠲᠤᠷ ᠠᠳᠬᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠭᠡ ᠬᠡᠪᠴᠢᠶ᠎ᠡ ᠪᠠᠷ ᠥᠷᠨᠢᠭᠦᠯᠵᠦ᠂ ᠠᠵᠤ ᠠᠬᠤᠶᠢᠯᠠᠯ ᠤᠨ | ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠵᠤ᠂ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠤᠷᠰᠢᠯ ᠠᠴᠠ ᠳᠠᠪᠠᠭᠰᠠᠨ ᠠᠷᠭ᠎ᠠ | ᠬᠡᠮᠵᠢᠶ᠎ᠡ ᠪᠠᠷ ᠴᠢᠳᠠᠪᠤᠷᠢᠲᠠᠨ ᠳᠤ ᠨᠡᠩ ᠤᠯᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠪᠠᠶᠢᠭᠤᠯᠵᠤ᠂ ᠨᠡᠩ ᠰᠢᠯᠢᠳᠡᠭ ᠦᠢᠯᠡᠴᠢᠯᠡᠭᠡ ᠬᠠᠩᠭᠠᠵᠤ᠂ | ᠴᠢᠳᠠᠪᠤᠷᠢᠲᠠᠨ ᠢ ᠨᠠᠷᠢᠯᠢᠭ ᠣᠨᠣᠴᠠᠲᠠᠢ ᠪᠠᠷ ᠠᠮᠢᠳᠤᠯᠢᠭ ᠢᠶᠠᠷ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠯᠠᠪᠳᠠᠭᠤᠨ ᠪᠠᠲᠤᠲᠠᠢ ᠪᠠᠷ ᠬᠥᠮᠥᠵᠢᠭᠦᠯᠵᠦ᠂ ᠡᠯ᠎ᠡ | ᠲᠦᠷᠦᠯ ᠤᠨ ᠴᠢᠳᠠᠪᠤᠷᠢᠲᠠᠨ ᠢ ᠰᠠᠶᠢᠲᠤᠷ ᠠᠮᠢᠳᠤᠯᠢᠭ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠴᠢᠳᠠᠪᠤᠷᠢᠲᠠᠨ ᠢ ᠦᠯᠡᠳᠡᠭᠡᠵᠦ᠂ ᠴᠢᠳᠠᠪᠤᠷᠢᠲᠠᠨ ᠢᠶᠠᠷ ᠦᠢᠯᠡᠰ | ᠪᠦᠲᠦᠭᠡᠯᠭᠡᠨ᠎ᠡ᠃ | ᠰᠤᠷᠭᠠᠨ ᠬᠥᠮᠦᠵᠢᠯ ᠤᠨ ᠦᠢᠯᠡᠰ ᠢ ᠤᠷᠢᠳ ᠢᠶᠠᠷ ᠬᠥᠭᠵᠢᠭᠦᠯᠦᠨ᠎ᠡ᠃ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ | ᠤᠷᠠᠳ ᠤᠨ ᠳᠤᠮᠳᠠᠳᠤ ᠬᠤᠰᠢᠭᠤᠨ ᠤ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ 5 ᠬᠡᠦᠬᠡᠳ ᠤᠨ ᠴᠡᠴᠡᠷᠯᠢᠭ ᠪᠣᠯᠣᠨ ᠬᠠᠩᠭᠢᠨ ᠬᠤᠶᠢᠲᠤ ᠬᠤᠰᠢᠭᠤᠨ ᠤ ᠴᠧᠨ | ᠹᠧᠩ ᠰᠤᠷᠭᠠᠭᠤᠯᠢ ᠵᠡᠷᠭᠡ 2 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ | ᠲᠤᠷᠰᠢᠯᠲᠠ ᠶᠢᠨ ᠰᠤᠷᠭᠠᠭᠤᠯᠢ ᠶᠢᠨ ᠭᠠᠵᠠᠷ ᠰᠣᠩᠭᠤᠨ ᠲᠥᠷᠥᠯ ᠵᠦᠢᠯ ᠲᠣᠭᠲᠠᠭᠠᠬᠤ ᠶᠢ ᠠᠬᠢᠭᠤᠯᠤᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠠᠵᠢᠯᠲᠠᠨ ᠤ ᠶᠡᠷᠦᠩᠬᠡᠢ ᠲᠤᠭ᠎ᠠ ᠶᠢᠨ ᠬᠠᠮᠢᠶᠠᠷᠤᠯᠲᠠ ᠪᠠ ᠰᠤᠷᠭᠠᠭᠤᠯᠢ ᠶᠢᠨ | ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠡᠶ᠎ᠡ ᠪᠠᠨ ᠳᠠᠭᠠᠭᠠᠭᠰᠠᠨ ᠬᠥᠭᠵᠢᠯᠲᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠠᠭᠰᠢ ᠠᠵᠢᠯᠲᠠᠨ ᠠᠵᠢᠯᠴᠢᠨ ᠤ | ᠵᠠᠷᠤᠳᠠᠯ ᠢ ᠪᠦᠬᠦᠨ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠪᠠᠶᠢᠷᠢ ᠪᠠᠷ ᠴᠠᠯᠢᠩ ᠢ ᠲᠣᠭᠲᠠᠭᠠᠵᠤ᠂ ᠰᠢᠯᠢᠳᠡᠭ ᠠᠮᠵᠢᠯᠲᠠ ᠪᠦᠲᠦᠮᠵᠢ ᠳᠤ ᠰᠠᠶᠢᠨ ᠬᠥᠯᠥᠰᠦ | ᠣᠯᠭᠤᠮᠵᠢ ᠣᠯᠭᠤᠵᠤ᠂ ︽ᠠᠵᠢᠯᠯᠠᠬᠤ ᠪᠠ ᠠᠵᠢᠯᠯᠠᠬᠤ ᠦᠭᠡᠢ ᠨᠢ ᠨᠢᠭᠡ ᠠᠳᠠᠯᠢ᠂ ᠢᠯᠡᠭᠦᠦ ᠠᠵᠢᠯᠯᠠᠬᠤ ᠴᠥᠭᠡᠨ ᠠᠵᠢᠯᠯᠠᠬᠤ ᠨᠢ ᠨᠢᠭᠡ ᠠᠳᠠᠯᠢ᠂ ᠰᠠᠶᠢᠨ | ᠠᠵᠢᠯᠯᠠᠬᠤ ᠮᠠᠭᠤ ᠠᠵᠢᠯᠯᠠᠬᠤ ᠨᠢ ᠨᠢᠭᠡ ᠠᠳᠠᠯᠢ︾ ᠠᠰᠠᠭᠤᠳᠠᠯ ᠢ ᠬᠦᠴᠦ ᠭᠠᠷᠭᠠᠨ ᠰᠢᠢᠳᠪᠦᠷᠢᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠰᠢᠯᠢᠳᠡᠭ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠰᠢᠯᠭᠠᠨ ᠠᠪᠤᠯᠲᠠ ᠶᠢ ᠳᠡᠮᠵᠢᠵᠦ᠂ ᠪᠣᠷᠣᠳᠣᠬᠤᠢ | ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠥᠪᠥᠷ ᠮᠣᠩᠭᠤᠯ ᠤᠨ | ᠤᠷᠠᠨ ᠵᠢᠷᠤᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠱᠤᠸᠠᠩ ᠰᠢᠸ᠂ ᠵᠦ ᠯᠢᠨ᠂ ᠾᠧᠩ ᠶᠤᠸᠠᠢ᠂ ᠬᠤᠩ ᠸᠧᠨ ᠵᠡᠷᠭᠡ ᠠᠯᠪᠠᠨ ᠠᠴᠠ ᠡᠷᠭᠢᠯᠡᠭᠰᠡᠨ | ᠠᠷᠠᠳ ᠠᠴᠠ ᠲᠤᠰᠠᠯᠠᠬᠤ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠨᠠᠩ ᠵᠢᠷᠤᠮᠵᠢᠭᠰᠠᠨ ᠨᠡᠩ ᠴᠢᠨᠠᠷᠲᠠᠢ ᠬᠥᠭᠵᠢᠬᠦ ᠶᠢ ᠳᠡᠮᠵᠢᠨ᠎ᠡ᠃ | ᠡᠷᠡᠭᠦᠯ ᠮᠡᠨᠳᠦ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ | ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠪᠣᠯᠣᠨ ᠲᠡᠰ ᠬᠤᠪᠢᠶᠠᠭᠰᠠᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠪᠠ ᠡᠮᠨᠡᠯᠭᠡ ᠶᠢᠨ ᠬᠤᠷᠢᠶᠠᠨ ᠤ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ | ᠂ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠬᠢᠲᠠᠳ | ᠡᠮᠨᠡᠯᠭᠡ ᠶᠢᠨ ᠬᠤᠷᠢᠶ᠎ᠠ ᠯᠤᠭ᠎ᠠ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠬᠤ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ᠂ ᠲᠠᠮᠠᠬᠢ ᠲᠠᠲᠠᠬᠤ ᠶᠢ ᠬᠢᠵᠠᠭᠠᠷᠯᠠᠬᠤ ᠵᠡᠷᠭᠡ | 17 ᠵᠦᠢᠯ ᠤᠨ ᠡᠷᠡᠭᠦᠯ ᠡᠩᠬᠡ ᠪᠠᠶᠠᠨᠨᠠᠭᠤᠷ ᠤᠨ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ | ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠶᠢ | ᠨᠠᠶᠢᠳᠠᠪᠤᠷᠢᠵᠢᠭᠤᠯᠤᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠪᠥᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠢᠳᠡᠪᠬᠢᠲᠡᠢ ᠠᠬᠢᠭᠤᠯᠵᠤ᠂ ᠬᠤᠲᠠ | ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ︽ | ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡ ᠶᠢ ᠴᠢᠩᠭᠠᠳᠬᠠᠵᠤ᠂ ᠤᠯᠠᠨ ᠲᠠᠯ᠎ᠠ ᠶᠢᠨ ᠬᠦᠴᠦᠨ ᠢ ᠲᠠᠶᠢᠴᠢᠯᠠᠨ ᠨᠠᠰᠤᠵᠢᠯ ᠤᠨ ᠠᠰᠠᠷᠠᠮᠵᠢ᠂ ᠨᠠᠶᠢᠳᠠᠨ | ᠠᠰᠠᠷᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ | ᠨᠤᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠰᠢᠨ᠎ᠡ ᠲᠥᠷᠥᠵᠦ ᠬᠥᠩᠭᠡᠵᠢᠬᠦ ᠲᠦᠷᠦ ᠶᠢᠨ ᠪᠣᠳᠣᠯᠭ᠎ᠠ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠎ᠠ᠃ | ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠯᠥᠰᠦᠨ ᠠᠵᠢᠯᠴᠢᠨ ᠤ | ᠴᠠᠯᠢᠩ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠵᠤ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠪᠠᠲᠤᠯᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠦᠢᠯᠡᠰ ᠤᠨ ᠬᠥᠭᠵᠢᠯᠲᠡ ᠶᠢ ᠲᠡᠮᠵᠢᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ | ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠦᠨ᠎ᠡ᠃ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠯᠤᠰ ᠤᠨ ᠤᠰᠤᠨ ᠠᠰᠢᠭᠯᠠᠯᠲᠠ ᠶᠢᠨ ᠥᠪ ᠬᠥᠷᠥᠩᠭᠡ ᠶᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠪᠠᠭ᠎ᠠ | ᠰᠢᠭᠡᠲᠡᠢ ᠶᠢᠨ ᠴᠢᠨ ᠤᠯᠤᠰ ᠤᠨ ᠣᠷᠳᠣ ᠴᠠᠭᠠᠨ ᠬᠡᠷᠡᠮ ᠢ ᠬᠠᠮᠠᠭᠠᠯᠠᠬᠤ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ | ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠰ ᠤᠨ ᠲᠥᠪ ᠴᠢᠬᠡᠴᠢ ᠪᠠᠷ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠵᠦ᠂ ᠪᠠᠶᠠᠨᠨᠠᠭᠤᠷ ᠤᠨ | ᠦᠯᠢᠭᠡᠷ ᠢ ᠰᠠᠶᠢᠲᠤᠷ ᠶᠠᠷᠢᠨ᠎ᠠ᠃ ᠤᠯᠠᠨ ᠨᠡᠶᠢᠲᠡ ᠶᠢᠨ ᠰᠣᠶᠣᠯ ᠲᠠᠮᠢᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠠᠩᠭᠢᠨ ᠬᠤᠶᠢᠲᠤ ᠬᠤᠰᠢᠭᠤᠨ ᠤ | ᠤᠯᠤᠰ ᠤᠨ ᠪᠡᠶ᠎ᠡ ᠶᠢᠨ ᠲᠠᠮᠢᠷ ᠤᠨ ᠴᠡᠴᠡᠷᠯᠢᠭ ᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠢᠳᠡᠪᠬᠢᠲᠡᠢ ᠪᠡᠯᠡᠳᠬᠡᠨ᠎ᠡ᠃ | ᠠᠷᠠᠳ ᠤᠨ ᠠᠮᠢᠳᠤᠷᠠᠯ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠤᠲᠠ ᠲᠣᠭᠤᠷᠢᠭ ᠢ | ᠬᠠᠮᠲᠤ ᠪᠠᠷ ᠪᠠᠶᠢᠭᠤᠯᠬᠤ ᠶᠢ ᠪᠠᠷᠢᠮᠲᠠᠯᠠᠵᠤ᠂ ᠲᠥᠪ ᠬᠤᠲᠠ ᠶᠢᠨ ᠲᠣᠭᠤᠷᠢᠭ ᠤᠨ ︽ᠤᠳᠠᠭᠠᠨ ᠨᠤᠷᠠᠭᠠᠵᠤ ᠳᠡᠶᠢᠯᠬᠦ ᠦᠭᠡᠢ︾ ︽ᠨᠤᠷᠠᠭᠠᠭᠰᠠᠨ ᠴᠤ | ᠦᠯᠡᠳᠡᠭᠳᠡᠯ ᠲᠠᠢ︾ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠲᠦᠯᠬᠢᠨ ᠠᠬᠢᠭᠤᠯᠵᠤ᠂ 4412 ᠢᠵᠢ ᠪᠠᠶᠢᠰᠢᠩ ᠭᠡᠷ ᠂ 87 ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠵᠦ᠂ ᠬᠤᠳᠠ ᠪᠠᠯᠭᠠᠰᠤᠨ ᠤ ᠵᠠᠮ᠂ ᠤᠰᠤ | ᠬᠠᠩᠭᠠᠬᠤ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠬᠡᠢ ᠬᠠᠩᠭᠠᠬᠤ᠂ ᠰᠦᠯᠵᠢᠶᠡᠨ ᠤ ᠮᠡᠳᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ | ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠨᠢᠭᠡ ᠪᠦᠯᠦᠭ ︽ᠪᠢᠴᠢᠯ ᠴᠡᠴᠡᠷᠯᠢᠭ︾᠂ ᠪᠣᠬᠢᠷᠳᠤᠯ ᠦᠭᠡᠢ ᠶᠠᠪᠠᠭᠠᠨ ᠵᠠᠮ ᠵᠡᠷᠭᠡ ᠣᠨᠴᠠᠯᠢᠭᠲᠤ ᠠᠮᠠᠷᠠᠬᠤ ᠣᠷᠣᠨ | ᠵᠠᠢ ᠶᠢ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ ᠤᠨ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠵᠦ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ︽ᠭᠡᠷ ᠪᠠᠶᠢᠰᠢᠩ ᠲᠤᠰᠢᠶᠠᠮᠠᠭᠴᠠ ᠦᠨᠡᠮᠯᠡᠯ ᠢ ᠭᠠᠷᠳᠠᠭᠤᠯᠬᠤ︾ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠢ ᠨᠢᠭᠡ ᠭᠠᠷ ᠢᠶᠠᠷ ᠲᠦᠯᠬᠢᠭᠦᠷ ᠢᠶᠠᠨ ᠠᠪᠤᠮᠠᠭᠴᠠ ᠨᠢᠭᠡ ᠭᠠᠷ ᠢᠶᠠᠷ ᠪᠠᠶᠢᠰᠢᠩ ᠤᠨ ᠦᠨᠡᠮᠯᠡᠯ ᠢ ᠠᠪᠤᠭᠤᠯᠤᠨ᠎ᠠ᠃ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ | ᠪᠣᠯᠪᠠᠰᠤᠨ ᠦᠶᠯᠡ ᠠᠵᠢᠯᠯᠠᠭ᠎ᠠ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠬᠤᠲᠠ ᠨᠢ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠶᠢ ᠪᠡᠶᠡᠯᠡᠭᠦᠯᠦᠨ᠎ᠡ᠃ | | ︵ᠳᠣᠯᠤᠭ᠎ᠠ︶ ᠠᠮᠤᠷ ᠲᠦᠪᠰᠢᠨ ᠲᠣᠭᠲᠠᠭᠤᠨ ᠢ ᠬᠦᠴᠦᠯᠡᠨ ᠪᠠᠲᠤᠯᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠦᠯᠬᠦᠮᠳᠡᠯ ᠲᠠᠢ ᠡᠶ᠎ᠡ ᠵᠣᠬᠢᠴᠠᠯ ᠲᠠᠢ᠂ ᠠᠮᠤᠷ ᠲᠦᠪᠰᠢᠨ ᠲᠣᠭᠲᠠᠭᠤᠨ ᠢ | ᠬᠠᠮᠠᠭᠠᠯᠠᠬᠤ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠨ᠎ᠡ᠃ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠦᠬᠦ ᠬᠦᠴᠦ ᠪᠠᠷ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠲᠠᠢ ᠨᠢᠭᠲᠠ ᠤᠶᠠᠯᠳᠤᠭᠤᠯᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ | ᠠᠵᠢᠯ ᠢ ᠰᠠᠶᠢᠲᠤᠷ ᠬᠢᠵᠦ᠂ ︽ᠳᠥᠷᠪᠡ ᠶᠢ ᠬᠠᠮᠲᠤᠳᠬᠠᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ ᠂ ︽ᠭᠤᠷᠪᠠ ᠠᠴᠠ ᠰᠠᠯᠵᠤ ᠴᠢᠳᠠᠬᠤ | ᠦᠭᠡᠢ︾ ︽ᠲᠠᠪᠤᠨ ᠮᠡᠳᠡᠷᠡᠬᠦᠢ︾ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠬᠢᠯᠢ ᠬᠢᠵᠠᠭᠠᠷ ᠢ | ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠷᠠᠳ ᠤᠨ ᠳᠤᠮᠳᠠᠳᠤ ᠬᠤᠰᠢᠭᠤᠨ ᠤ | ᠤᠯᠤᠰ ᠤᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠴᠤ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠲᠠᠰᠤᠷᠠᠯᠲᠠ ᠦᠭᠡᠢ ᠠᠬᠢᠭᠤᠯᠤᠨ᠎ᠠ᠃ | ᠡᠯ᠎ᠡ ᠲᠦᠷᠦᠯ ᠤᠨ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠦᠭᠰᠢᠭᠦᠷᠢ ᠶᠢ ᠢᠯᠡᠷᠡᠭᠦᠯᠬᠦ᠂ ᠲᠦᠭᠰᠢᠭᠦᠷᠢ ᠶᠢ ᠲᠠᠨᠢᠬᠤ᠂ ᠲᠦᠭᠰᠢᠭᠦᠷᠢ ᠶᠢ ᠠᠷᠢᠯᠭᠠᠬᠤ ᠴᠢᠳᠠᠪᠤᠷᠢ ᠪᠠᠨ | ᠴᠢᠩᠭᠠᠳᠬᠠᠵᠤ᠂ ᠶᠡᠭᠡ ᠲᠣᠬᠢᠶᠠᠯᠳᠤᠮᠵᠢ ᠶᠢᠨ ᠰᠡᠳᠬᠢᠬᠦᠢ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ | ᠭᠠᠷᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ | ᠲᠦᠭᠰᠢᠭᠦᠷᠢ ᠶᠡᠬᠡᠲᠡᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠠᠵᠤ | ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ᠂ ᠪᠠᠶᠢᠭᠠᠯᠢ ᠶᠢᠨ ᠭᠠᠮᠰᠢᠭ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠬᠦᠷᠢᠶᠡᠨ ᠤ | ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠡᠷᠡᠭ ᠭᠠᠷᠬᠤ ᠠᠴᠠ ᠤᠷᠢᠳ ᠰᠡᠷᠭᠡᠶᠢᠯᠡᠵᠦ᠂ ᠤᠷᠢᠳᠴᠢᠯᠠᠨ ᠬᠦᠴᠦᠯᠡᠵᠦ᠂ | ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠶᠢ ᠪᠠᠲᠤᠯᠠᠵᠤ᠂ ᠭᠡᠨᠡᠳᠲᠡ ᠡᠭᠦᠰᠦᠭᠰᠡᠨ ᠬᠡᠷᠡᠭ ᠢ ᠲᠦᠷᠭᠡᠨ ᠪᠥᠭᠡᠳ | ᠯᠠᠪᠳᠠᠭᠤᠨ ᠢᠶᠠᠷ ᠰᠢᠢᠳᠪᠦᠷᠢᠯᠡᠬᠦ ᠶᠢ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠯᠢᠨ ᠾᠧ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠪᠠ ᠲᠠᠪᠤᠨ ᠬᠥᠮᠥᠨ ᠤ ᠳᠤᠭᠤᠶᠢᠯᠠᠩ ᠤᠨ | ᠠᠵᠢᠯ ᠤᠨ ᠠᠷᠭ᠎ᠠ ᠶᠢ ᠳᠡᠯᠭᠡᠷᠡᠭᠦᠯᠦᠨ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠴᠡᠪᠡᠷ ᠲᠣᠬᠢᠯᠢᠭ ᠲᠣᠭᠤᠭᠠᠨ ᠭᠡᠷ︾ ᠤᠨ | ᠪᠦᠷᠬᠦᠴᠡ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠤᠰᠬᠠᠢ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠬᠡᠮ ᠰᠣᠭᠤᠭ ᠢ ᠤᠭ ᠠᠴᠠ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ ᠪᠠ | ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠪᠣᠰᠤᠭ᠎ᠠ ᠴᠣᠭᠴᠠᠲᠤ ᠮᠡᠳᠡᠭᠡ | ᠵᠠᠩᠭᠢᠵᠢᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ︽ᠤᠮᠠᠷᠠᠲᠤ ᠬᠢᠯᠢ ᠶᠢᠨ ᠡᠭᠦᠯᠡ · ᠣᠶᠤᠨᠲᠤ ᠳᠣᠲᠣᠭᠠᠳᠤ ᠶᠢ ᠬᠠᠮᠠᠭᠠᠯᠠᠬᠤ︾ ᠪᠠ ᠭᠡᠭᠡᠨ | ᠲᠣᠳᠣ ᠢᠨᠵᠧᠨᠧᠷᠢᠩ ᠢ ᠴᠢᠨᠠᠷ ᠰᠠᠶᠢᠲᠠᠢ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠢ ᠠᠭᠤᠰᠤᠯᠴᠠᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ | ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠴᠡᠷᠢᠭ ᠵᠠᠰᠠᠭ ᠴᠡᠷᠢᠭ ᠠᠷᠠᠳ | ᠪᠦᠯᠬᠦᠮᠳᠡᠨ ᠨᠢᠭᠡᠳᠴᠦ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠥᠮᠥᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ | ᠪᠠᠷᠢᠮᠲᠠᠯᠠᠵᠤ᠂ ᠤᠯᠠᠨ ᠴᠡᠭ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠪᠠ | ᠬᠦᠢᠲᠡᠨ ᠬᠡᠯᠬᠢᠶᠡᠲᠦ ᠪᠤᠰᠤ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠪᠠ ᠲᠣᠰᠬᠤᠨ ᠳᠤᠭᠤᠶᠢᠯᠠᠩ ᠤᠨ ᠲᠡᠭᠦᠰᠬᠡᠯ | ᠦᠵᠦᠭᠦᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠤᠰ ᠤᠨ ᠡᠭᠦᠳᠡ ᠶᠢ | ᠰᠠᠶᠢᠲᠤᠷ ᠰᠠᠬᠢᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠪᠣᠭᠤᠮᠲᠠ ᠶᠢᠨ ᠲᠦᠭᠰᠢᠭᠦᠷᠢ ᠶᠢᠨ ᠬᠡᠮ ᠰᠣᠭᠤᠭ ᠢ | ᠲᠤᠰᠬᠠᠢ ᠡᠭᠡᠯᠵᠢ ᠪᠠᠷ ᠵᠢᠭᠰᠠᠭᠠᠨ ᠪᠠᠶᠢᠴᠠᠭᠠᠬᠤ᠂ ᠲᠤᠰᠬᠠᠢ ᠰᠣᠷᠢᠯᠲᠠ ᠬᠢᠬᠦ᠂ ᠲᠤᠰᠬᠠᠢ ᠬᠠᠮᠢᠶᠠᠷᠤᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠷᠪᠠᠨ ᠳᠠᠪᠬᠤᠷ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠵᠦ᠂ ᠬᠠᠮᠤᠭ ᠤᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠭᠦᠢᠴᠡᠳᠬᠡᠬᠦ ᠬᠦᠴᠦᠨ ᠢᠶᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ | ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠠᠴᠠ ᠠᠮᠤᠷ | ᠲᠣᠭᠲᠠᠭᠤᠨ ᠤ ᠶᠡᠭᠡ ᠲᠠᠯ᠎ᠠ ᠳᠤ ᠳᠠᠭᠠᠷᠢᠯᠲᠠ ᠪᠣᠯᠬᠤ ᠶᠢ ᠡᠷᠡᠰ ᠰᠡᠷᠭᠡᠶᠢᠯᠡᠨ᠎ᠡ᠃ | ᠳᠥᠷᠪᠡ᠂ ᠠᠷᠠᠳ ᠲᠦᠮᠡᠨ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠤᠨ᠎ᠠ | ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠳᠤ ᠡᠷᠬᠡᠪᠰᠢ ᠰᠢᠨ᠎ᠡ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠠᠮᠵᠢᠯᠲᠠ ᠪᠦᠲᠦᠮᠵᠢ | ᠭᠠᠷᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠡᠷᠬᠡᠪᠰᠢ ᠳᠠᠬᠢᠨ ᠴᠢᠩᠭᠠᠳᠬᠠᠵᠤ᠂ ᠳᠠᠬᠢᠨ ᠳᠡᠭᠡᠭᠰᠢᠯᠡᠭᠦᠯᠦᠨ᠎ᠡ᠃ | ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠷ ᠠᠬᠢᠭᠤᠯᠵᠤ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ | ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ | ᠬᠤᠶᠠᠷ ᠲᠤ᠂ ᠡᠭᠦᠷᠭᠡᠯᠡᠨ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠬᠤ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ︽ᠲᠠᠪᠤᠨ ᠶᠡᠭᠡ ᠠᠵᠢᠯᠯᠠᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ | ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠢᠯ ᠤᠨ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠡᠳᠬᠢᠮᠵᠢ ᠣᠨᠴᠠᠭᠠᠶ ᠲᠣᠳᠣᠷᠬᠠᠢ᠂ ᠣᠪᠣᠷ ᠣᠨᠴᠠᠭᠠᠶ ᠰᠢᠭᠤᠷᠬᠠᠢ᠂ ᠠᠷᠭ᠎ᠠ ᠬᠡᠮᠵᠢᠶ᠎ᠡ ᠣᠨᠴᠠᠭᠠᠶ ᠪᠣᠳᠠᠲᠠᠢ ᠶᠢ | ᠡᠷᠬᠢᠮᠯᠡᠭᠰᠡᠨ᠂ ᠠᠵᠢᠯᠯᠠᠭ᠎ᠠ ᠣᠨᠴᠠᠭᠠᠶ ᠲᠦᠷᠭᠡᠨ ᠪᠠᠶᠢᠬᠤ ᠶᠢ ᠪᠡᠶᠡᠯᠡᠭᠦᠯᠦᠨ᠎ᠡ᠃ ᠪᠣᠳᠠᠲᠠᠢ ᠪᠠᠷ ᠠᠵᠢᠯᠯᠠᠬᠤ ᠤᠳᠤᠷᠢᠳᠤᠮᠵᠢ ᠶᠢ ᠪᠠᠲᠤ ᠪᠤᠢ ᠪᠣᠯᠭᠠᠵᠤ᠂ | ᠪᠠᠶᠢᠴᠠᠭᠠᠯᠲᠠ ᠶᠢ ᠭᠦᠨᠵᠡᠭᠡᠶᠢᠷᠡᠭᠦᠯᠦᠨ ᠰᠤᠳᠤᠯᠤᠯᠲᠠ ᠶᠢ ᠴᠢᠩᠭᠠᠳᠬᠠᠵᠤ᠂ ᠨᠢᠭᠡᠳᠦᠭᠡᠷ ᠹᠷᠣᠨᠲ ᠤᠨ ᠠᠵᠢᠯ ᠤᠨ ᠠᠷᠭ᠎ᠠ ᠶᠢ ᠬᠡᠷᠡᠭᠵᠢᠭᠦᠯᠵᠦ᠂ ᠬᠥᠮᠥᠨ ᠨᠢᠭᠡ | ᠬᠤᠪᠢ ᠪᠣᠯ ᠪᠢ ᠠᠷᠪᠠᠨ ᠬᠤᠪᠢ᠂ ᠬᠥᠮᠥᠨ ᠠᠷᠪᠠᠨ ᠬᠤᠪᠢ ᠪᠣᠯ ᠪᠢ ᠵᠠᠭᠤᠨ ᠬᠤᠪᠢ ᠶᠢᠨ ᠡᠷᠴᠢ ᠵᠣᠷᠢᠭ ᠢ ᠪᠠᠳᠠᠷᠠᠭᠤᠯᠤᠨ᠂ ᠳᠠᠷᠤᠢ ᠳᠤᠨᠢ ᠭᠦᠢᠴᠡᠳᠬᠡᠬᠦ᠂ | ᠤᠴᠢᠷ ᠶᠠᠪᠤᠳᠠᠯ ᠢ ᠡᠳᠦᠷ ᠥᠩᠭᠡᠷᠡᠭᠦᠯᠬᠦ ᠦᠭᠡᠢ᠂ ᠬᠢᠪᠡᠰᠦ ᠵᠣᠬᠢᠬᠤ ᠶᠠᠪᠤᠳᠠᠯ ᠢ ᠰᠠᠶᠢᠲᠤᠷ ᠬᠢᠵᠦ᠂ ᠬᠢᠬᠦ ᠳᠤ ᠬᠦᠴᠢᠷᠲᠡᠢ ᠶᠠᠪᠤᠳᠠᠯ ᠢ ᠬᠢᠵᠦ ᠪᠦᠲᠦᠭᠡᠨ᠎ᠡ᠃ | ᠭᠤᠷᠪᠠ ᠳᠤ᠂ ᠬᠠᠤᠯᠢ ᠶᠣᠰᠣᠭᠠᠷ ᠵᠠᠰᠠᠭ ᠪᠠᠷᠢᠵᠤ ᠶᠣᠰᠣ ᠳᠦᠷᠢᠮ ᠢ ᠰᠠᠬᠢᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ | ᠲᠦᠯᠬᠢᠨ ᠠᠬᠢᠭᠤᠯᠵᠤ᠂ ᠤᠯᠠᠨ ᠨᠡᠶᠢᠲᠡ ᠪᠠᠷ ᠢᠶᠠᠨ ᠣᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠮᠬᠢ ᠳᠠᠷᠠᠭᠠᠯᠠᠯ ᠢ ᠬᠢᠨᠠᠮᠠᠭᠠᠢ | ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠬᠢᠨᠠᠨ ᠪᠠᠶᠢᠴᠠᠭᠠᠬᠤ | ᠬᠢᠨᠠᠯᠲᠠ᠂ ᠬᠠᠤᠯᠢ ᠪᠠᠷᠢᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠬᠢᠨᠠᠯᠲᠠ ᠶᠢᠨ ᠳᠣᠣᠷ᠎ᠠ ᠠᠵᠢᠯ ᠢᠶᠠᠨ ᠥᠷᠨᠢᠭᠦᠯᠬᠦ ᠳᠤ ᠳᠠᠳᠴᠤ᠂ ᠴᠢᠳᠠᠮᠠᠭᠠᠢ ᠪᠠᠷ ᠬᠢᠨᠠᠯᠲᠠ ᠶᠢᠨ | ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠳᠥᠷᠪᠡ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠵᠠᠯᠠᠷᠠᠭᠤᠯᠤᠨ | ᠵᠠᠰᠠᠨ᠎ᠠ᠃ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠭᠰᠡᠨ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠠᠵᠤ | ᠠᠬᠤᠶᠢᠯᠠᠯ ᠢ ᠦᠨᠡᠨ ᠪᠣᠳᠠᠲᠠᠢ ᠪᠠᠷ ᠳᠡᠮᠵᠢᠨ ᠬᠦᠴᠢᠷᠳᠡᠯ ᠢ ᠨᠢ ᠲᠠᠶᠢᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠶᠢ ᠦᠷᠭᠦᠯᠵᠢᠯᠡᠨ | ᠠᠬᠢᠭᠤᠯᠤᠨ᠎ᠠ᠃ ᠦᠨᠡᠨ ᠬᠦ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠠᠷᠤᠯᠭ᠎ᠠ ᠶᠢᠨ ᠪᠦᠲᠦᠴᠡ ᠶᠢ ᠶᠡᠭᠡ ᠪᠠᠷ | ᠲᠣᠬᠢᠷᠠᠭᠤᠯᠤᠨ ᠰᠢᠯᠢᠳᠡᠭᠵᠢᠭᠦᠯᠵᠦ᠂ ᠬᠤᠳᠠ ᠶᠢᠨ ᠲᠤᠰ ᠱᠠᠲᠤᠨ ᠤ ᠭᠤᠣᠯᠳᠠᠯᠭ᠎ᠠ ᠶᠢᠨ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠶᠢ ᠲᠠᠬᠢᠨ 3 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠭᠠᠰᠬᠠᠨ᠂ ᠮᠥᠩᠭᠦ ᠪᠦᠷᠢ ᠶᠢ ᠰᠠᠶᠢᠲᠤᠷ ᠬᠡᠷᠡᠭᠯᠡᠵᠦ᠂ ᠶᠠᠪᠤᠳᠠᠯ ᠪᠦᠷᠢ ᠶᠢ ᠰᠠᠶᠢᠲᠤᠷ ᠬᠢᠨ᠎ᠡ᠃ | ᠲᠥᠯᠥᠭᠡᠯᠡᠭᠴᠢᠳ ᠠ᠋︕ ᠪᠦᠯᠬᠦᠮᠳᠡᠯ ᠪᠣᠯ ᠬᠦᠴᠦᠨ᠂ ᠲᠡᠮᠡᠴᠡᠯ ᠴᠢᠷᠮᠠᠶᠢᠯᠭ᠎ᠠ ᠢᠷᠡᠭᠡᠳᠦᠢ ᠶᠢ ᠡᠭᠦᠳᠦᠨ ᠨᠡᠭᠡᠭᠡᠳᠡᠭ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠣᠯᠣᠨ ᠲᠡᠦᠬᠡ ᠶᠢᠨ ᠲᠤᠷᠰᠢᠯᠭ᠎ᠠ ᠠᠴᠠ ᠤᠶᠤᠨ ᠤᠬᠠᠭᠠᠨ ᠪᠣᠯᠣᠨ ᠬᠦᠴᠦᠨ ᠴᠢᠳᠠᠯ ᠢ ᠲᠠᠰᠤᠷᠠᠯᠲᠠ ᠦᠭᠡᠢ ᠰᠢᠩᠭᠡᠬᠡᠨ ᠠᠪᠴᠤ᠂ | ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤᠪᠠᠷ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠪᠣᠳᠣᠵᠤ ᠡᠷᠡᠮᠡᠬᠡᠶᠢᠯᠡᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭ ᠢᠶᠠᠷ ᠤᠷᠤᠭᠰᠢᠯᠠᠨ | ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ | | |