ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/2/18
      2 ᠰᠠᠷ᠎ᠠ ᠶᠢᠨ 16 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 3 ︵ᠬᠥᠬᠡᠬᠤᠲᠠ ᠶᠢᠨ ᠢᠦ᠋ᠢᠴᠢᠦᠸᠠᠨ ᠲᠣᠭᠤᠷᠢᠭ ᠲᠤ 1᠂ ᠰᠠᠶᠢᠬᠠᠨ ᠲᠣᠭᠤᠷᠢᠭ ᠲᠤ 1᠂ ᠲᠦᠮᠡᠳ ᠵᠡᠭᠦᠨ ᠬᠤᠰᠢᠭᠤᠨ ᠳᠤ 1︶ ᠨᠡᠮᠡᠭᠳᠡᠵᠦ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠵᠢᠱᠢᠶ᠎ᠡ ︵ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ︶ ᠨᠡᠮᠡᠭᠳᠡᠵᠡᠢ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠪᠣᠲᠠᠲᠠᠢ ᠪᠠᠶᠢᠳᠠᠯ ᠨᠢ ᠳᠣᠣᠷᠠᠬᠢ ᠮᠡᠲᠦ᠄       ᠬᠥᠬᠡᠬᠤᠲᠠ ᠶᠢᠨ ᠲᠣᠳᠤᠯᠠᠭᠰᠠᠨ ᠡᠪᠡᠳᠴᠢᠨ ᠤ ᠵᠢᠱᠢᠶ᠎ᠡ 3᠄ ᠡᠪᠡᠳᠴᠢᠨ ᠤ ᠵᠢᠱᠢᠶ᠎ᠡ 1᠂ 2 ᠲᠠᠢ ᠨᠢᠭᠲᠠ ᠣᠶᠢᠷᠠᠲᠤᠭᠴᠢ᠂ ᠨᠢᠭᠲᠠ ᠣᠶᠢᠷᠠᠲᠤᠭᠰᠠᠳ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠳᠠᠮᠵᠢᠨ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ ᠳᠤ ᠮᠥᠨ ᠠᠷᠭ᠎ᠠ ᠴᠢᠨᠠᠷ ᠢᠯᠡᠷᠡᠵᠦ᠂ ᠲᠤᠰᠬᠠᠢ ᠮᠡᠷᠭᠡᠵᠢᠯᠲᠠᠨ ᠤ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠬᠤ ᠶᠢ ᠲᠣᠳᠤᠯᠠᠪᠠ᠃       ᠬᠥᠬᠡᠬᠤᠲᠠ ᠶᠢᠨ ᠲᠣᠳᠤᠯᠠᠭᠰᠠᠨ ᠡᠪᠡᠳᠴᠢᠨ ᠤ ᠵᠢᠱᠢᠶ᠎ᠡ 4᠄ ᠰᠠᠨᠠᠭᠠᠴᠢᠯᠠᠭ᠎ᠠ ᠠᠴᠠ ᠪᠠᠨ ᠬᠢᠭᠰᠡᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠᠷ ᠳᠠᠮᠵᠢᠨ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ ᠳᠤ ᠮᠥᠨ ᠠᠷᠭ᠎ᠠ ᠴᠢᠨᠠᠷ ᠢᠯᠡᠷᠡᠵᠦ᠂ ᠲᠤᠰᠬᠠᠢ ᠮᠡᠷᠭᠡᠵᠢᠯᠲᠡᠨ ᠤ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠤᠯᠬᠤ ᠶᠢ ᠲᠣᠳᠤᠯᠠᠪᠠ᠃       ᠬᠥᠬᠡᠬᠤᠲᠠ ᠶᠢᠨ ᠲᠣᠳᠤᠯᠠᠭᠰᠠᠨ ᠡᠪᠡᠳᠴᠢᠨ ᠤ ᠵᠢᠱᠢᠶ᠎ᠡ 5᠄ ᠨᠢᠭᠲᠠ ᠣᠶᠢᠷᠠᠲᠤᠭᠰᠠᠳ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠳᠠᠮᠵᠢᠨ ᠠᠷᠭ᠎ᠠ ᠴᠢᠨᠠᠷ ᠢᠯᠡᠷᠡᠵᠦ᠂ ᠳᠠᠬᠢᠨ ᠬᠠᠷᠭᠤᠭᠤᠯᠬᠤ ᠳᠤ ᠮᠥᠨ ᠠᠷᠭ᠎ᠠ ᠴᠢᠨᠠᠷ ᠢᠯᠡᠷᠡᠵᠦ᠂ ᠲᠤᠰᠬᠠᠢ ᠮᠡᠷᠭᠡᠵᠢᠯᠲᠡᠨ ᠤ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠬᠤ ᠶᠢ ᠲᠣᠳᠤᠯᠠᠪᠠ᠃       ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠄ ᠲᠦᠷᠺ ᠠᠴᠠ ᠭᠤᠸᠠᠩᠵᠧᠦ ᠪᠠᠷ ᠬᠢᠯᠢ ᠳᠠᠮᠵᠢᠵᠦ᠂ 14 ᠡᠳᠦᠷ ᠤᠨ ᠨᠢᠭᠡᠲᠦᠯᠲᠡᠢ ᠲᠤᠰᠠᠭᠠᠷᠯᠠᠯ ᠢ ᠥᠩᠭᠡᠷᠡᠭᠦᠯᠦᠭᠰᠡᠨ ᠤ ᠳᠠᠷᠠᠭ᠎ᠠ᠂ 2 ᠰᠠᠷ᠎ᠠ ᠶᠢᠨ 8 ᠤ ᠡᠳᠦᠷ ᠨᠢᠰᠬᠡᠯ ᠢᠶᠠᠷ ᠬᠥᠬᠡᠬᠤᠲᠠ ᠳᠤ ᠨᠢᠰᠬᠡᠯ ᠰᠣᠯᠢᠨ ᠲᠦᠩᠯᠢᠶᠣᠣ ᠳᠤ ᠬᠦᠷᠴᠦ ᠲᠤᠰᠠᠭᠠᠷᠯᠠᠭᠳᠠᠨ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠵᠠᠢ᠃ 2 ᠰᠠᠷ᠎ᠠ ᠶᠢᠨ 9 ᠤ ᠡᠳᠦᠷ ᠪᠠ 11 ᠤ ᠡᠳᠦᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠴᠥᠮ ᠪᠢᠯᠢᠭ ᠴᠢᠨᠠᠷ ᠲᠠᠢ ᠪᠠᠶᠢᠵᠤ᠂ 15 ᠤ ᠡᠳᠦᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ 16 ᠤ ᠡᠳᠦᠷ ᠤᠨ ᠳᠠᠬᠢᠨ ᠪᠠᠶᠢᠴᠠᠭᠠᠯᠲᠠ ᠳᠤ ᠮᠥᠨ ᠠᠷᠭ᠎ᠠ ᠴᠢᠨᠠᠷ ᠢᠯᠡᠷᠡᠨ᠂ ᠲᠤᠰᠬᠠᠢ ᠮᠡᠷᠭᠡᠵᠢᠯᠲᠡᠨ ᠤ ᠣᠨᠣᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠣᠯᠬᠤ ᠶᠢ ᠲᠣᠳᠤᠯᠠᠪᠠ᠃       ᠣᠳᠤᠬᠠᠨ ᠳᠤ ᠳᠡᠭᠡᠷ᠎ᠡ ᠳᠤᠷᠠᠳᠤᠭᠰᠠᠨ 4 ᠬᠦᠮᠦᠨ ᠢ ᠴᠥᠮ ᠨᠢᠭᠡᠨᠲᠡ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠵᠦ᠂ ᠬᠠᠮᠢᠶ᠎ᠠ ᠪᠦᠬᠦᠢ ᠳᠠᠬᠤᠯ ᠡᠪᠡᠳᠴᠢᠨ ᠤ ᠪᠠᠶᠢᠴᠠᠭᠠᠯᠲᠠ᠂ ᠰᠢᠭᠰᠢᠨ ᠪᠠᠶᠢᠴᠠᠭᠠᠬᠤ ᠵᠡᠷᠭᠡ ᠠᠵᠢᠯ ᠢ ᠡᠷᠴᠢᠮᠲᠡᠢ ᠶᠠᠪᠤᠭᠳᠠᠭᠤᠯᠵᠤ ᠪᠠᠶᠢᠨ᠎ᠠ᠃       2 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 10 ︵ᠬᠥᠬᠡᠬᠤᠲᠠ ᠶᠢᠨ ᠢᠦ᠋ᠢᠴᠢᠦᠸᠠᠨ ᠲᠣᠭᠤᠷᠢᠭ ᠲᠤ 2᠂ ᠰᠠᠶᠢᠬᠠᠨ ᠲᠣᠭᠤᠷᠢᠭ ᠲᠤ 2᠂ ᠲᠦᠮᠡᠳ ᠵᠡᠭᠦᠨ ᠬᠤᠰᠢᠭᠤᠨ ᠳᠤ 1᠂ ᠬᠦᠯᠦᠨ ᠪᠤᠶᠢᠷ ᠬᠤᠲᠠ ᠶᠢᠨ ᠮᠠᠨᠵᠤᠤᠷ ᠬᠤᠲᠠ ᠳᠤ 5︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠵᠢᠱᠢᠶ᠎ᠡ ︵ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ︶ ᠪᠠᠶᠢᠨ᠎ᠠ᠃ ᠣᠳᠤᠬᠠᠨ ᠳᠤ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ