ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/10
      3 ᠰᠠᠷ᠎ᠠ ᠶᠢᠨ 8 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠵᠡᠶ᠂ ᠡᠭᠦᠨ ᠳᠤ ᠬᠦᠬᠡᠬᠤᠳᠠ ᠳᠤ 2᠂ ᠠᠯᠠᠱᠠ ᠠᠶᠢᠮᠠᠭ ᠲᠤ 1 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠠᠯᠠᠱᠠ ᠠᠶᠢᠮᠠᠭ ᠲᠤ︶ ᠨᠡᠮᠡᠭᠳᠡᠵᠡᠢ᠃ ᠳᠤᠬᠠᠢ ᠶᠢᠨ ᠭᠠᠵᠠᠷ ᠤᠨ 35 ᠳᠤᠳᠤᠯᠠᠭᠰᠠᠨ ᠡᠪᠡᠳᠴᠢᠨ ᠤ ᠵᠢᠱᠢᠶ᠎ᠡ ︵ᠴᠦᠮ ᠬᠦᠬᠡᠬᠤᠳᠠ ᠳᠤ ᠪᠤᠢ︶ ᠢᠯᠡᠷᠢᠰᠢᠵᠤ ᠡᠮᠨᠡᠯᠭᠡ ᠠᠴᠠ ᠭᠠᠷᠪᠠ᠃       3 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 165 ᠪᠠᠶᠢᠵᠦ᠂ ᠡᠬᠦᠨ ᠳᠤ ᠬᠥᠬᠡᠬᠤᠲᠠ ᠳᠤ 130᠂ ᠪᠤᠭᠤᠳᠦ ᠬᠤᠳᠠ ᠳᠤ 20᠂ ᠬᠦᠯᠦᠨ ᠪᠤᠶᠢᠷ ᠬᠤᠳᠠ ᠳᠤ 10᠂ ᠣᠷᠳᠤᠰ ᠬᠤᠲᠠ ᠳᠤ 3᠂ ᠪᠠᠶᠠᠨᠨᠠᠭᠤᠷ ᠬᠤᠳᠠ ᠳᠤ 1᠂ ᠠᠯᠠᠱᠠ ᠠᠶᠢᠮᠠᠭ ᠲᠤ 1 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 2 ᠪᠠᠶᠢᠵᠤ᠂ ᠡᠭᠦᠨ ᠳᠤ ᠪᠠᠶᠠᠨᠨᠠᠭᠤᠷ ᠬᠤᠳᠠ ᠳᠤ 1᠂ ᠠᠯᠠᠱᠠ ᠠᠶᠢᠮᠠᠭ ᠲᠤ 1 ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠶ᠃       2 ᠰᠠᠷ᠎ᠠ ᠶᠢᠨ 15 ᠤ ᠡᠳᠦᠷ ᠠᠴᠠ ᠨᠠᠭᠠᠰᠢ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 468 ᠪᠠᠶᠢᠵᠤ᠂ ᠡᠭᠦᠨ ᠳᠤ ᠬᠦᠬᠡᠬᠤᠳᠠ ᠳᠤ 422᠂ ᠪᠣᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ 14᠂ ᠣᠷᠳᠤᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 1 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 303 ᠪᠠᠶᠢᠨ᠎ᠠ᠂ ᠡᠭᠦᠨ ᠳᠤ ᠬᠦᠬᠡᠬᠤᠳᠠ ᠳᠤ 292᠂ ᠪᠣᠭᠤᠲᠤ ᠬᠤᠲᠠ ᠳᠤ 5᠂ ᠬᠦᠯᠦᠨ ᠪᠤᠶᠢᠷ ᠬᠤᠲᠠ ᠳᠤ 4᠂ ᠪᠠᠶᠠᠨᠨᠠᠭᠤᠷ ᠬᠤᠲᠠ ᠳᠤ 2 ᠪᠤᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ