ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/23
      3 ᠰᠠᠷ᠎ᠠ ᠶᠢᠨ 21 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠡᠢ᠃ ᠡᠭᠦᠨ ᠳᠤ ᠬᠥᠬᠡᠬᠤᠲᠠ ᠳᠤ 1 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠵᠠᠢ︶᠂ ᠲᠦᠩᠯᠢᠶᠣᠣ ᠬᠤᠲᠠ ᠳᠤ 1 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠬᠥᠬᠡᠬᠤᠲᠠ ᠳᠤ︶ ᠨᠡᠮᠡᠭᠳᠡᠵᠡᠢ᠃       3 ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 12 ᠪᠠᠶᠢᠵᠤ᠂ ᠡᠭᠦᠨ ᠳᠤ ᠬᠥᠬᠡᠬᠤᠲᠠ ᠳᠤ 6᠂ ᠬᠥᠯᠥᠨ ᠪᠤᠶᠢᠷ ᠬᠤᠲᠠ ᠳᠤ 1᠂ ᠲᠦᠩᠯᠢᠶᠣᠣ ᠬᠤᠲᠠ ᠳᠤ 5 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 26 ᠪᠠᠶᠢᠵᠤ᠂ ᠡᠭᠦᠨ ᠳᠤ ᠬᠥᠬᠡᠬᠤᠲᠠ ᠳᠤ 21᠂ ᠲᠦᠩᠯᠢᠶᠣᠣ ᠬᠤᠲᠠ ᠳᠤ 5 ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ ᠬᠤᠲᠠ ᠳᠤ︶ ᠪᠣᠢ᠃ ᠪᠥᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃       2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 486 ᠪᠠᠶᠢᠵᠤ᠂ ᠡᠭᠦᠨ ᠳᠤ ᠬᠥᠬᠡᠬᠤᠲᠠ ᠳᠤ 433᠂ ᠪᠤᠭᠤᠲᠤ ᠬᠤᠲᠠ ᠳᠤ 25᠂ ᠬᠥᠯᠥᠨ ᠪᠤᠶᠢᠷ ᠬᠤᠲᠠ ᠳᠤ 15᠂ ᠲᠦᠩᠯᠢᠶᠣᠣ ᠬᠤᠲᠠ ᠳᠤ 5᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠣᠢ᠃ ᠢᠯᠠᠷᠢᠰᠢᠵᠤ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 474 ᠪᠠᠶᠢᠨ᠎ᠠ᠂ ᠡᠭᠦᠨ ᠳᠤ ᠬᠥᠬᠡᠬᠤᠲᠠ ᠳᠤ 427᠂ ᠪᠤᠭᠤᠲᠤ ᠬᠤᠲᠠ ᠳᠤ 25᠂ ᠬᠥᠯᠥᠨ ᠪᠤᠶᠢᠷ ᠬᠤᠲᠠ ᠳᠤ 14᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠣᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ