3 ᠰᠠᠷ᠎ᠠ ᠶᠢᠨ 2 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ | ᠡᠪᠡᠳᠴᠢᠨ ᠤ ᠵᠢᠱᠢᠶ᠎ᠡ 7 ᠨᠡᠮᠡᠭᠳᠡᠵᠡᠢ ᠡᠭᠦᠨ ᠳᠤ ᠬᠥᠬᠡᠬᠤᠲᠠ ᠳᠤ 6᠂ ᠪᠣᠭᠤᠲᠤ ᠳᠤ 1 ᠪᠤᠢ᠃ ᠲᠤᠬᠠᠢ ᠶᠢᠨ ᠭᠠᠵᠠᠷ ᠤᠨ 27 ᠲᠣᠳᠤᠯᠠᠭᠰᠠᠨ ᠡᠪᠡᠳᠴᠢᠨ ᠤ | ᠵᠢᠱᠢᠶ᠎ᠡ ︵ᠴᠥᠮ ᠬᠥᠬᠡᠬᠤᠲᠠ ᠳᠤ ᠪᠤᠢ︶ ᠢᠯᠡᠷᠢᠰᠢᠵᠦ ᠡᠮᠨᠡᠯᠭᠡ ᠠᠴᠠ ᠭᠠᠷᠪᠠ᠃ 3 ᠰᠠᠷ᠎ᠠ ᠶᠢᠨ 2 ᠤᠨ ᠡᠳᠦᠷ ᠤᠨ 24 ᠴᠠᠭ ᠪᠣᠯᠲᠠᠯ᠎ᠠ᠂ ᠥᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 320 ᠪᠠᠶᠢᠵᠤ᠂ ᠡᠭᠦᠨ ᠳᠤ | ᠬᠥᠬᠡᠬᠤᠲᠠ ᠳᠤ 291᠂ ᠪᠤᠭᠤᠲᠤ ᠬᠤᠲᠠ ᠳᠤ 20᠂ ᠬᠦᠯᠦᠨ ᠪᠤᠶᠢᠷ ᠬᠤᠲᠠ ᠳᠤ 7᠂ ᠪᠠᠶᠠᠨᠨᠠᠭᠤᠷ ᠬᠤᠲᠠ ᠳᠤ 2 ᠪᠤᠢ᠃ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠠᠶᠢᠵᠤ ︵ᠪᠠᠶᠠᠨᠨᠠᠭᠤᠷ ᠬᠤᠲᠠ ᠳᠤ ᠪᠤᠢ︶᠂ ᠬᠢᠯᠢ ᠶᠢᠨ ᠭᠠᠳᠠᠨ᠎ᠠ ᠠᠴᠠ | ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠲᠦᠩᠯᠢᠶᠣᠣ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠤᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ 2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 430 ᠪᠠᠶᠢᠵᠤ᠂ ᠡᠭᠦᠨ ᠳᠤ ᠬᠥᠬᠡᠬᠤᠲᠠ ᠳᠤ 394᠂ | ᠪᠤᠭᠤᠲᠤ ᠬᠤᠲᠠ ᠳᠤ 24᠂ ᠬᠦᠯᠦᠨ ᠪᠤᠶᠢᠷ ᠬᠤᠲᠠ ᠳᠤ 9᠂ ᠪᠠᠶᠠᠨᠨᠠᠭᠤᠷ ᠬᠤᠲᠠ ᠳᠤ 3 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ | ᠨᠡᠶᠢᠲᠡ 110 ᠪᠠᠶᠢᠨ᠎ᠠ᠂ ᠡᠭᠦᠨ ᠳᠤ ᠬᠥᠬᠡᠬᠤᠲᠠ ᠳᠤ 103᠂ ᠬᠦᠯᠦᠨ ᠪᠤᠶᠢᠷ ᠬᠤᠲᠠ ᠳᠤ 2᠂ ᠪᠤᠭᠤᠲᠤ ᠬᠤᠲᠠ ᠳᠤ 4᠂ ᠪᠠᠶᠠᠨᠨᠠᠭᠤᠷ ᠬᠤᠲᠠ ᠳᠤ 1 ᠪᠤᠢ᠃ | |