ᠪᠠᠶᠠᠨᠨᠠᠭᠤᠷ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/3/3
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠶᠠᠷ︶ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢᠨ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠨᠢᠭᠡᠳᠦᠯᠲᠡᠢ ᠵᠢᠷᠤᠮᠵᠢᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠵᠦᠢ ᠶᠣᠰᠣᠭᠠᠷ ᠡᠷᠭᠢᠯᠳᠦᠵᠦ᠂ ᠪᠦᠲᠦᠮᠵᠢᠲᠡᠢ ᠪᠠᠷ ᠪᠠᠶᠢᠷᠢᠰᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ᠂ ᠤᠷᠮᠠᠰᠢᠭᠤᠯᠤᠨ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠭᠤᠷᠪᠠ︶ ᠪᠥᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ  ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠲᠦᠷᠦ ᠶᠢᠨ  ᠪᠣᠳᠣᠯᠭ᠎ᠠ ᠶᠢ ᠲᠦᠷᠦᠭᠦᠯᠡᠨ ᠲᠣᠭᠲᠠᠭᠠᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠤᠨ᠎ᠠ᠃ ᠮᠡᠷᠭᠡᠵᠢᠯ ᠤᠨ ᠠᠵᠢᠯᠴᠢᠨ ᠤ ᠰᠤᠷᠭᠠᠭᠤᠯᠢ ᠵᠢᠴᠢ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃      ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠪᠦᠬᠦ ᠬᠤᠳᠠ ᠶᠢᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠦᠷᠢ ᠳᠠᠭᠠᠳᠬᠠᠯ ᠤᠨ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠦᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠪᠠᠶᠢᠭᠤᠯᠤᠨ᠎ᠠ᠃      ︵ᠲᠠᠪᠤ︶ ᠪᠥᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠶᠢ ᠬᠠᠷᠢᠭᠤᠴᠠᠨ᠎ᠠ᠃ ᠠᠷᠭᠠᠴᠠᠬᠤ ᠲᠥᠰᠥᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠨ᠎ᠠ᠃      ︵ᠵᠢᠷᠭᠤᠭ᠎ᠠ︶ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠯᠮᠦᠷᠢ ᠠᠵᠢᠯᠴᠢᠨ ᠬᠡᠷᠡᠭᠯᠡᠬᠦ ᠶᠢ ᠳᠠᠩᠰᠠᠯᠠᠬᠤ ᠳᠦᠷᠢᠮ ᠢ ᠬᠡᠷᠡᠭᠵᠢᠭᠦᠯᠦᠨ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ᠂ ᠠᠮᠠᠷᠠᠯᠲᠠ ᠶᠢᠨ ᠴᠢᠯᠦᠭᠡ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠵᠢᠴᠢ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠪᠠ ᠨᠠᠰᠤᠨ ᠳᠤ ᠦᠯᠤ ᠬᠥᠷᠦᠭᠰᠡᠨ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠦᠷᠤ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠪᠥᠬᠦ ᠬᠤᠲᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠥᠵᠢᠭᠦᠯᠬᠦ ᠠᠵᠢᠯ ᠢ ᠬᠠᠷᠢᠭᠤᠴᠠᠨ᠂ ᠤᠯᠤᠰ ︵ᠬᠢᠯᠢ︶ ᠤᠨ ᠭᠠᠳᠠᠨᠠᠬᠢ ᠲᠤᠰᠬᠠᠢ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠬᠤᠲᠠ ᠳᠤ ᠲᠡᠳᠡᠨ ᠠᠪᠴᠢᠷᠠᠵᠤ ᠠᠵᠢᠯᠯᠠᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠡᠰᠡᠭ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠬᠠᠷᠢᠭᠤᠴᠠᠨ᠎ᠠ᠃ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃      ︵ᠨᠠᠢᠮᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠤᠭᠤᠳᠴᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠢ ᠲᠤᠭᠤᠷᠪᠢᠨ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠢ ᠶᠡᠷᠦᠩᠬᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠶᠢᠰᠦ︶ ᠪᠥᠬᠦ ᠬᠤᠲᠠ ᠶᠢᠨ ᠬᠥᠬᠢᠭᠦᠯᠦᠨ ᠱᠠᠩᠨᠠᠬᠤ ᠳᠦᠷᠢᠮ ᠢ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ ᠪᠥᠬᠦ ᠬᠤᠲᠠ ᠶᠢᠨ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠵᠦ ᠬᠥᠬᠢᠭᠦᠯᠦᠨ ᠰᠠᠶᠢᠰᠢᠶᠠᠬᠤ ᠵᠡᠷᠭᠡ ᠠᠵᠢᠯ ᠢ ᠳᠠᠭᠠᠭᠠᠨ ᠡᠷᠭᠢᠯᠡᠨ᠎ᠡ᠃ ᠡᠷᠬᠡ ᠣᠯᠭᠤᠯᠲᠠ ᠶᠢ ᠦᠨᠳᠦᠰᠦᠯᠡᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠬᠤᠲᠠ ᠶᠢᠨ ᠲᠣᠰ ᠱᠠᠲᠤᠨ ᠤ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃      ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠬᠡᠪ ᠤᠨ ᠨᠡᠮᠡᠭᠳᠡᠯ ᠪᠠ ᠣᠯᠭᠤᠬᠤ ᠶᠢ ᠪᠠᠲᠤᠯᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠬᠤ ᠪᠠ ᠠᠵᠢᠯ ᠠᠴᠠ ᠪᠠᠨ ᠪᠠᠭᠤᠵᠤ ᠠᠮᠠᠷᠠᠬᠤ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠢ ᠲᠣᠭᠲᠠᠭᠠᠨ᠎ᠠ᠃      ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃      ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠭᠠᠳᠠᠭᠠᠳᠤ ᠳᠤ ᠰᠢᠢᠳᠪᠦᠷᠢᠯᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      1᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠲᠣᠭᠲᠠᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠬᠤ ᠠᠴᠠ ᠡᠮᠦᠨᠡᠬᠢ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠢ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭᠠᠬᠢ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠨ᠎ᠠ᠃      2᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠲᠠᠯ᠎ᠠ ᠪᠠᠷ᠂ A ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠦᠷᠦᠭᠦᠯᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠲᠣᠭᠲᠠᠭᠠᠵᠤ᠂ B ᠲᠥᠷᠥᠯ ᠤᠨ ᠪᠠ C ᠲᠥᠷᠥᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠨ᠎ᠠ᠃ ᠬᠤᠲᠠ ᠶᠢᠨ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ ᠤᠳᠤ ᠶᠢᠨ ᠪᠠᠶᠢᠭ᠎ᠠ ︽ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠦᠢᠯᠡᠴᠢᠯᠡᠭᠡᠨ ᠤ ᠰᠢᠰᠲ᠋ᠧᠮ︾ ᠢ ᠦᠷᠭᠦᠯᠵᠢᠯᠡᠨ ᠬᠡᠷᠡᠭᠯᠡᠵᠦ᠂ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠭᠰᠠᠨ ︽ᠭᠠᠳᠠᠭᠠᠳᠤ ᠶᠢᠨ ᠬᠥᠮᠥᠨ ᠤ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠦᠷᠭᠦᠯᠵᠢᠯᠡᠨ ᠬᠡᠷᠡᠭᠯᠡᠵᠦ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠠᠴᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠤᠨ ᠦᠨᠡᠮᠯᠡᠯ ᠣᠯᠭᠤᠬᠤ  ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ