ᠪᠠᠶᠠᠨᠨᠠᠭᠤᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/3/3
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠪᠠ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠪᠦᠬᠦ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃      ︵ᠬᠤᠶᠠᠷ︶ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ ᠰᠢᠨᠵᠢᠯᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠴᠤ ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃      ︵ᠭᠤᠷᠪᠠ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠲᠥᠷᠥᠯ ᠵᠦᠢᠯ ᠢ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ᠂ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠤᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠳᠥᠷᠪᠡ︶ ᠪᠠᠶᠠᠨᠨᠠᠭᠤᠷ ᠬᠤᠳᠠ ᠶᠢᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠲᠦᠷᠦᠯ ᠳᠤ ᠣᠷᠣᠬᠤ ᠵᠥᠪᠰᠢᠶᠡᠷᠡᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠳᠠᠪᠤᠰᠤᠨ ᠤ ᠦᠢᠯᠡᠰ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠬᠠᠷᠢᠭᠤᠴᠠᠨ᠎ᠠ᠃ ᠪᠦᠬᠦ ᠬᠤᠲᠠ ᠶᠢᠨ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠲᠠᠪᠤ︶ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠪᠠᠶᠠᠨᠨᠠᠭᠤᠷ ᠬᠤᠳᠠ ᠶᠢᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠮᠠᠶ᠋ᠢᠭ ᠤᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠯ ᠴᠢᠯᠠᠭᠤ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠠᠵᠤ ᠦᠢᠯᠡᠳᠪᠦᠷᠢ ᠪᠣᠯᠣᠨ ᠮᠡᠳᠡᠭᠡ ᠵᠠᠩᠭᠢ ᠶᠢᠨ ᠮᠡᠷᠭᠡᠵᠢᠯ  ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ  ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯᠡᠰ ᠲᠤ ᠣᠷᠣᠯᠴᠠᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠠᠬᠢᠭᠤᠯᠤᠨ᠎ᠠ᠃      ︵ᠳᠣᠯᠤᠭ᠎ᠠ︶ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠲᠠᠭᠠᠨ ᠦᠢᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠤᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠦᠯᠵᠢᠶᠡᠨ ᠤ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃      ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠠᠷᠢᠭᠤᠴᠠᠬᠤ ᠬᠤᠷᠸ᠎ᠠ ᠵᠢᠭᠠᠯᠲᠠ ᠶᠢ ᠤᠳᠤᠷᠢᠳᠤᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃      ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃      1᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠬᠠᠷᠢᠶ᠎ᠠ ᠬᠤᠳᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠠᠴᠠ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠬᠤ ᠠᠵᠢᠯ ᠢ ᠠᠬᠢᠭᠤᠯᠤᠨ᠎ᠠ᠃      2᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ︶ ᠯᠤᠭ᠎ᠠ ᠶᠢᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠤᠳᠠᠯᠳᠤᠭᠠᠨ ᠤ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶ ᠪᠦᠬᠦ ᠬᠤᠳᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠬᠤᠳᠠ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠤᠳᠤᠯᠤᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠬᠠᠮᠠᠭᠠᠯᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ