ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2022/3/3
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠵᠦᠢᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠵᠢᠯᠣᠭᠤᠳᠤᠨ᠎ᠠ᠃      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠢ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠦᠯᠦ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠵᠤ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ ᠳᠦᠷᠢᠮ ᠶᠣᠰᠣᠭᠠᠷ᠂ ᠪᠥᠬᠦ ᠬᠤᠲᠠ ᠶᠢᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ ᠪᠠ ᠭᠠᠵᠠᠷ ᠰᠢᠷᠣᠢ ᠶᠢ ᠨᠥᠭᠡᠴᠡᠯᠡᠬᠦ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠲᠠᠲᠠᠪᠤᠷᠢᠯᠠᠨ ᠲᠤᠰᠢᠶᠠᠨ᠎ᠠ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠵᠠᠷᠯᠠᠨ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠪᠠᠶᠢᠭᠠᠯᠢ ᠶᠢᠨ ᠡᠬᠢ ᠪᠠᠶᠠᠯᠢᠭ ᠢ ᠲᠡᠰ ᠬᠤᠪᠢᠶᠠᠨ ᠲᠡᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠨ ᠰᠢᠯᠭᠠᠬᠤ ᠠᠵᠢᠯ ᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠨᠠᠶᠢᠳᠠᠪᠤᠷᠢᠵᠢᠭᠤᠯᠬᠤ ᠪᠠ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ︵ᠵᠢᠷᠭᠤᠭ᠎ᠠ︶ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠲᠦᠯᠬᠢᠨ ᠠᠬᠢᠭᠤᠯᠵᠤ᠂ ᠬᠤᠳᠠ ᠶᠢᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠢ ᠵᠦᠢᠯᠡᠰ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠡᠭᠦᠨ ᠳᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠢᠷᠢ ᠬᠡᠮ ᠵᠢᠴᠢ ᠠᠵᠢᠯ ᠲᠥᠷᠥᠯ ᠤᠨ ᠬᠠᠮᠢᠶᠠᠷᠤᠯᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ  ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠭᠠᠵᠠᠷ ᠰᠢᠷᠣᠢ ᠵᠡᠷᠭᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃      ︵ᠲᠤᠯᠤᠭ᠎ᠠ︶ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠤᠳᠠ ᠬᠥᠳᠡᠭᠡ ᠶᠢᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠨᠠᠢᠮᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠮᠢ ᠠᠬᠤᠢ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠠᠰᠢᠭᠯᠠᠨ ᠠᠮᠢ ᠠᠬᠤᠢ ᠶᠢ ᠰᠡᠷᠭᠦᠭᠡᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠰᠣᠩᠭᠤᠭᠤᠯᠢ ᠳᠤ ᠪᠡᠯᠡᠳᠬᠡᠬᠦ ᠵᠦᠢᠯᠡᠰ ᠢ ᠳᠤᠷᠠᠳᠤᠨ ᠭᠠᠷᠭᠠᠨ᠎ᠠ᠃      (ᠶᠢᠰᠦ) ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠤᠶᠢᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃      ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠬᠤᠲᠠ ᠶᠢᠨ ᠱᠠᠲᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ‌‍ᠪᠦ᠋ᠬᠦ ᠬᠤᠳᠠ ᠶᠢᠨ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠨᠢᠭᠡ︶ ᠭᠠᠵᠠᠷ ᠤᠨ ᠭᠠᠢ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠨ᠎ᠠ᠃ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠤᠨ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠬᠤ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠠᠴᠠ ᠪᠣᠯᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠮᠡᠷᠭᠡᠵᠢᠯ ᠤᠨ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠢ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢ ᠬᠠᠮᠢᠶᠠᠷᠬᠤ᠂ ᠰᠢᠯᠵᠢᠭᠦᠯᠦᠨ ᠥᠭᠬᠦ᠂ ᠬᠢᠨᠠᠨ ᠵᠥᠪᠰᠢᠶᠡᠷᠡᠬᠦ᠂ ᠳᠠᠩᠰᠠᠯᠠᠬᠤ ᠶᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠢ ᠶᠢᠨ ᠲᠥᠷᠥᠯ ᠵᠦᠢᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃      ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠴᠢᠳᠠᠯ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ‌ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠥᠬᠦ ᠬᠤᠲᠠ ᠶᠢᠨ ᠭᠠᠵᠠᠷ ᠤᠨ ᠵᠢᠷᠤᠭ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠴᠢᠳᠠᠪᠤᠷᠢᠲᠠᠨ ᠢ ᠬᠥᠮᠥᠵᠢᠭᠦᠯᠬᠦ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃      ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃      ︵ᠠᠷᠪᠠᠨ ᠵᠢᠷᠭᠤᠭ᠎ᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠬᠤᠲᠠ ᠶᠢᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠲᠥᠯᠦᠪᠵᠢᠭᠦᠯᠭᠡ ᠶᠢᠨ ᠲᠠᠯ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ︵ᠠᠷᠪᠠᠨ ᠨᠠᠢᠮᠠ︶ ᠯᠢᠨ ᠾᠧ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠤᠰᠤᠳ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠲᠡᠭᠦᠨ ᠤ ᠬᠠᠷᠢᠶ᠎ᠠ ᠪᠠᠶᠢᠭᠤᠯᠤᠮᠵᠢ ᠶᠢᠨ ᠰᠠᠯᠠᠭ᠎ᠠ ᠶᠢᠨ ᠲᠠᠰ ᠤᠨ ᠺᠠᠳ᠋ᠷ ᠢ ᠲᠣᠮᠢᠯᠠᠵᠤ ᠪᠠᠭᠤᠯᠭᠠᠬᠤ ᠶᠢ ᠬᠠᠮᠢᠶᠠᠷᠤᠨ᠎ᠠ     ︵ᠠᠷᠪᠠ ᠶᠢᠰᠦ︶ ᠪᠠᠶᠠᠨᠨᠠᠭᠤᠷ ᠬᠤᠳᠠ ᠶᠢᠨ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠢ ᠬᠠᠮᠢᠶᠠᠷᠬᠤ ᠪᠠ ᠵᠣᠬᠢᠴᠠᠭᠤᠯᠤᠨ᠎ᠠ᠃      ︵ᠬᠤᠷᠢ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ︵ᠬᠤᠷᠢᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ᠂ ᠪᠤᠢ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠲᠤᠬᠠᠢ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠳᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠪᠠ ᠦᠨᠡᠯᠡᠨ ᠵᠢᠱᠢᠬᠦ ᠶᠢᠨ ᠠᠷᠠᠳ ᠲᠤ ᠲᠦᠬᠦᠮ ᠦᠵᠡᠭᠦᠯᠵᠦ ᠥᠨᠳᠥᠷ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ