ᠪᠠᠶᠠᠨᠨᠠᠭᠤᠷ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/3/3
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠭᠤᠣᠯ ᠴᠣᠭᠴᠠ  ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠳᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠤᠭᠤᠳᠴᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ᠂ ᠭᠡᠷ ᠪᠠᠶᠢᠰᠢᠩ ᠤᠨ ᠲᠦᠷᠢᠶᠡᠰᠦᠯᠡᠯ᠂ ᠭᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠵᠠᠭᠤᠴᠢᠯᠠᠬᠤ ᠬᠠᠮᠢᠶᠠᠷᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠤᠨ ᠲᠠᠲᠠᠪᠤᠷᠢᠯᠠᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠤᠨ ᠳᠡᠩᠰᠡᠯᠡᠨ ᠲᠡᠮᠳᠡᠭᠯᠡᠬᠦ ᠠᠵᠢᠯ ᠢ ᠬᠠᠮᠵᠢᠯᠴᠠᠨ ᠵᠢᠯᠣᠭᠤᠳᠤᠨ᠎ᠠ᠃      ︵ᠳᠥᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠣᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠤᠷᠮ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠯᠣᠮᠵᠢᠲᠤ ᠰᠤᠳᠤᠯᠤᠯ ᠤᠨ ᠦᠨᠡᠯᠡᠬᠦ ᠠᠷᠭ᠎ᠠ᠂ ᠠᠵᠤ ᠠᠬᠤᠢ ᠶᠢᠨ ᠪᠣᠯᠵᠣᠯᠲᠤ ᠲᠤᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠣᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ︵ᠴᠢᠮᠡᠭᠡ ᠬᠤᠯᠪᠣᠭᠠᠨ ᠤ ᠪᠡᠯᠡᠳᠬᠡᠮᠵᠢ ᠪᠠᠭᠲᠠᠬᠤ ᠦᠭᠡᠢ︶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠤᠳᠤᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠶᠢ ᠵᠣᠬᠢᠶᠠᠨ ᠪᠠᠶᠢᠭᠤᠯᠵᠤ ᠨᠡᠶᠢᠲᠡᠯᠡᠨ᠎ᠡ᠃      ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠳᠤᠮᠳᠠ ᠤᠷᠳᠤ ᠬᠤᠭᠤᠴᠠᠭ᠎ᠠ ᠪᠠᠷ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠤᠨ᠎ᠠ᠃      ︵ᠵᠢᠷᠭᠤᠭ᠎ᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯᠭᠦᠢ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ᠂ ᠠᠶᠤᠩᠭ᠎ᠠ ᠠᠴᠠ ᠰᠡᠷᠭᠡᠶᠢᠯᠡᠬᠦ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠤᠶᠢᠷᠦ ᠶᠢᠨ ᠪᠣᠳᠣᠯᠭ᠎ᠠ᠂ ᠲᠤᠶᠢᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠴᠢᠬᠤᠯᠠ ᠶᠡᠭᠡ ᠶᠠᠰᠤ ᠴᠢᠨᠠᠷ᠂ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃      ︵ᠲᠤᠯᠤᠭ᠎ᠠ︶ ᠬᠤᠳᠠ ᠶᠢᠨ ᠬᠠᠶᠢᠨ ᠪᠠᠶᠢᠴᠠᠭᠠᠬᠤ᠂ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠬᠡᠮᠵᠢᠬᠦ᠂ ᠬᠤᠳᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠪᠠ ᠬᠤᠳᠠ ᠶᠢᠨ ᠱᠤᠭᠤᠮᠠᠯ ᠰᠡᠶᠢᠯᠬᠦ ᠠᠵᠢᠯ ᠢ ᠵᠢᠯᠣᠭᠤᠳᠤᠨ᠎ᠠ᠃ ᠬᠤᠳᠠ ᠶᠢᠨ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠨᠠᠢᠮᠠ︶ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠤᠶᠢᠷᠦ ᠶᠢᠨ ᠪᠣᠳᠣᠯᠭ᠎ᠠ ᠪᠠ ᠲᠤᠶᠢᠷᠢᠮ ᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠳᠠ ᠶᠢᠨ ᠪᠦᠲᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ‌ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠶᠢᠰᠦ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠵᠢᠴᠢ ᠬᠤᠲᠠ ᠶᠢᠨ ᠬᠠᠮᠢᠶᠠᠷᠤᠯᠲᠠ ᠯᠤᠭ᠎ᠠ ᠬᠤᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃      (ᠠᠷᠪᠠ) ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠭᠤᠣᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠳᠠ ᠪᠠᠯᠭᠠᠰᠤᠨ ᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠵᠦᠢᠯᠡᠰ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠳᠡᠯᠭᠡᠷᠡᠭᠦᠯᠬᠦ ᠶᠢ ᠵᠢᠯᠤᠭᠤᠳᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠠᠷᠪᠠᠨ ᠬᠤᠶᠠᠷ︶ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠤᠭᠤᠷᠪᠢᠨ ᠲᠣᠭᠲᠠᠭᠠᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠰᠤᠷᠠᠭ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃      ︵ᠠᠷᠪᠠᠨ ᠭᠤᠷᠪᠠ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠵᠣᠬᠢᠶᠠᠨ‌ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ ᠬᠠᠮᠢᠶᠠᠷᠬᠤ᠂ ᠵᠢᠯᠤᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠬᠤᠰᠢᠭᠤ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠠᠷᠠᠳ ᠤᠨ ᠠᠭᠠᠷ ᠤᠨ  ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠣᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠡᠭᠦᠷᠭᠡᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠵᠤ ᠬᠠᠮᠢᠶᠠᠷᠬᠤ ᠶᠢ ᠬᠤᠲᠠ ᠪᠣᠯᠣᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠨ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠲᠤᠰᠠᠯᠠᠬᠤ ᠡᠭᠦᠷᠭᠡ ᠶᠢ ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ ‍ᠤᠨ‌ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠥᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠵᠢᠨ‌ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠪᠣᠯᠣᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠢᠨᠠᠨ ᠪᠠᠶᠢᠴᠠᠭᠠᠵᠤ᠂ ᠵᠢᠯᠣᠭᠤᠳᠤᠨ ᠵᠣᠬᠢᠴᠠᠭᠤᠯᠤᠨ᠎ᠠ᠃ᠴᠢᠬᠤᠯᠠ ᠬᠠᠷᠠᠯᠲᠠᠲᠤ ᠨᠢᠭᠡᠴᠡ ᠶᠢ ᠵᠢᠯᠤᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠬᠤᠷᠠᠮᠳᠤᠭᠤᠯᠤᠨ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠲᠦ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠶᠢᠨ ᠤ ᠪᠡᠯᠡᠳᠬᠡᠯ ᠤᠨ ᠵᠢᠵᠢᠭᠦᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠲᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠲᠤᠬᠢᠶᠠᠨ ᠤ ᠪᠡᠯᠡᠳᠬᠡᠮᠵᠢ ᠶᠢ ᠠᠰᠢᠭᠯᠠᠨ ᠡᠩ ᠤᠨ ᠦᠶ᠎ᠡ ᠶᠢᠨ ᠠᠶᠤᠯ ᠭᠠᠮᠰᠢᠭ ᠠᠴᠠ ᠲᠡᠩᠬᠡᠷᠡᠭᠦᠯᠬᠦ ᠳᠤ ᠦᠢᠯᠡᠴᠢᠯᠡᠨ᠎ᠡ᠃      ︵ᠠᠷᠪᠠᠨ ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃      ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ