ᠪᠠᠶᠠᠨᠨᠠᠭᠤᠷ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ
ᠨᠡᠶᠢᠲᠡᠯᠡᠭᠰᠡᠨ ᠴᠠᠭ᠄
2022/3/3
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠦᠨᠳᠦᠰᠦᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠬᠠᠢ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ ᠬᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠬᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠪᠠ ᠳᠦᠷᠢᠮ ᠲᠣᠭᠲᠠᠭᠠᠯ ᠤᠨ ᠲᠥᠰᠥᠯ ᠢ ᠬᠠᠮᠵᠢᠨ ᠲᠤᠭᠤᠷᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠥᠯᠦᠪᠵᠢᠭᠦᠯᠭᠡ ᠪᠠ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠡᠭᠦᠨ ᠳᠤ ᠬᠢᠨᠠᠯᠲᠠ ᠲᠠᠯᠪᠢᠨ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠠᠮᠵᠢᠨ ᠲᠤᠭᠤᠷᠪᠢᠨ ᠲᠣᠭᠲᠠᠭᠠᠨ᠎ᠠ᠃      ︵ᠬᠤᠶᠠᠷ︶ ᠴᠢᠬᠤᠯᠠ ᠶᠡᠭᠡ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠪᠥᠬᠦ ᠬᠤᠲᠠ ᠶᠢᠨ ᠣᠷᠴᠢᠨ ᠲᠣᠭᠤᠷᠢᠨ ᠤ ᠪᠣᠬᠢᠷᠳᠤᠯ ᠤᠨ ᠬᠦᠨᠳᠦ ᠶᠡᠭᠡ ᠠᠳᠡᠯ ᠪᠠ ᠠᠮᠢ ᠠᠬᠤᠢ ᠶᠢ ᠡᠪᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠲᠦᠷᠦᠭᠦᠯᠡᠨ ᠵᠣᠬᠢᠴᠠᠭᠤᠯᠵᠤ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠢ ᠬᠡᠷᠡᠭᠵᠢᠭᠦᠯᠬᠦ ᠶᠢ ᠲᠦᠷᠦᠭᠦᠯᠡᠨ ᠵᠢᠯᠤᠭᠤᠳᠴᠤ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠳᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃      ︵ᠭᠤᠷᠪᠠ︶ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠣᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ ᠵᠡᠷᠭᠡ ᠶᠢᠨ ᠪᠣᠬᠢᠷᠳᠤᠯ ᠪᠣᠳᠠᠰ ᠬᠤᠷᠢᠶᠠᠬᠤ ᠴᠢᠳᠠᠪᠤᠷᠢ ᠶᠢ ᠲᠣᠭᠲᠠᠭᠠᠨ᠂ ᠪᠥᠬᠦ ᠬᠤᠲᠠ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠬᠦ ᠪᠣᠬᠢᠷᠳᠤᠯ ᠪᠣᠳᠠᠰ ᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠥᠷᠪᠡ︶ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠵᠥᠪᠰᠢᠶᠡᠷᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ ᠣᠷᠴᠢᠯ ᠠᠵᠤ ᠠᠬᠤᠢ ᠪᠠ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠬᠤ ᠳᠤ ᠣᠷᠣᠯᠴᠠᠨ᠎ᠠ᠃      ︵ᠲᠠᠪᠤ︶ ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ᠪᠦᠬᠦ ᠬᠤᠳᠠ ᠶᠢᠨ ᠠᠭᠠᠷ ᠮᠠᠨᠳᠠᠯ ᠂ ᠤᠰᠤ᠂ ᠬᠥᠷᠥᠰᠥ ᠰᠢᠷᠣᠢ᠂ ᠱᠤᠤᠭᠢᠶᠠᠨ᠂ ᠭᠡᠷᠡᠯ᠂ ᠦᠮᠡᠬᠡᠢ ᠦᠨᠦᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠮᠠᠰᠢᠨᠲᠤ ᠲᠡᠷᠭᠡ ᠵᠡᠷᠭᠡ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠳᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠬᠢᠨᠠᠨ ᠵᠢᠯᠣᠭᠤᠳᠪᠠ᠃ ᠣᠷᠣᠨ ᠪᠦᠰᠡ ᠶᠢᠨ ᠠᠭᠠᠷ ᠮᠠᠨᠳᠠᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠴᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠵᠢᠷᠭᠤᠭ᠎ᠠ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠡᠪᠳᠡᠯᠡᠭᠡ ᠶᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠪᠦᠬᠦ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ᠶᠢ ᠬᠠᠮᠠᠭᠠᠯᠠᠬᠤ ᠠᠵᠢᠯ ᠢ ᠲᠦᠷᠦᠭᠦᠯᠡᠨ ᠬᠠᠷᠢᠭᠤᠴᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠵᠣᠬᠢᠴᠠᠭᠤᠯᠤᠨ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢᠯᠡᠬᠦ ᠠᠵᠢᠯ ᠳᠤ ᠣᠷᠣᠯᠴᠠᠨ᠎ᠠ᠃      (ᠲᠤᠯᠤᠭ᠎ᠠ) ᠴᠥᠮ᠎ᠡ ᠪᠣᠯᠣᠨ ᠰᠠᠴᠤᠷᠠᠭ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠮ᠎ᠡ ᠶᠢᠨ ᠪᠠ ᠰᠠᠴᠤᠷᠠᠭ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠲᠥᠬᠦᠭᠡᠷᠦᠮᠵᠢ ᠪᠠ ᠰᠠᠴᠤᠷᠠᠭ ᠡᠭᠦᠰᠬᠡᠭᠴᠢ ᠶᠢᠨ ᠠᠶᠤᠯᠭᠦᠢ ᠶᠢ ᠬᠢᠨᠠᠨ ᠬᠠᠮᠢᠶᠠᠷᠴᠤ᠂ ᠴᠥᠮ᠎ᠡ ᠶᠢᠨ ᠲᠥᠬᠦᠭᠡᠷᠦᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠠᠬᠢ ᠪᠣᠬᠢᠷᠳᠤᠯ ᠢ ᠰᠡᠷᠭᠡᠶᠢᠯᠡᠨ ᠵᠠᠰᠠᠬᠤ ᠶᠠᠪᠤᠳᠠᠯ ᠢ ᠬᠢᠨᠠᠨ ᠬᠠᠮᠢᠶᠠᠷᠤᠨ᠎ᠠ᠃      ︵ᠨᠠᠢᠮᠠ︶ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠯᠪᠣᠭᠳᠠᠯ ᠪᠦᠬᠦᠢ ᠠᠵᠤ ᠠᠬᠤᠢ ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠥᠯᠥᠪᠯᠡᠭᠡ ᠳᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨ᠎ᠡ᠃ ᠪᠥᠬᠦ ᠬᠤᠲᠠ ᠶᠢᠨ ᠬᠤᠯᠪᠣᠭᠳᠠᠯ ᠪᠦᠬᠦᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠪᠦᠰᠡ᠂ ᠲᠥᠯᠦᠪᠵᠢᠭᠦᠯᠭᠡ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠢ ᠬᠠᠭᠤᠳᠠᠰᠤ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠶᠢᠰᠦ︶ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠳᠦᠷᠢᠮ᠂ ᠵᠢᠷᠤᠮᠵᠢᠯ ᠪᠠ ᠬᠠᠮᠢᠶ᠎ᠠ ᠪᠦᠬᠦᠢ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ᠴᠢᠭ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠪᠣᠬᠢᠷᠳᠤᠯ ᠤᠨ ᠡᠬᠢ ᠶᠢ ᠬᠢᠨᠠᠨ ᠬᠡᠮᠵᠢᠬᠦ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠵᠢ‌ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠵᠦ ᠲᠥᠰᠥᠭᠡᠯᠡᠬᠦ ᠶᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠪᠠ ᠠᠮᠢ ᠠᠬᠤᠢ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠬᠠᠮᠵᠢᠯᠴᠠᠨ ᠪᠠᠶᠢᠭᠤᠯᠬᠤ ᠪᠠ ᠬᠠᠮᠢᠶᠠᠷᠤᠨ᠎ᠠ᠃ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠡᠮᠵᠢᠬᠦ ᠠᠵᠢᠯ ᠢ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠢ ᠶᠢᠨ ᠣᠷᠴᠢᠨ ᠨᠥᠬᠦᠴᠡᠯ ᠤᠨ ᠮᠡᠳᠡᠭᠡ ᠵᠠᠩᠭᠢ ᠶᠢ ᠨᠡᠶᠢᠲᠡᠯᠡᠨ᠎ᠡ᠃      ︵ᠠᠷᠪᠠ︶ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ ᠲᠥᠰᠥᠪ ᠤᠨ ᠬᠠᠮᠢᠶ᠎ᠠ ᠪᠦᠬᠦᠢ ᠠᠵᠢᠯ ᠢᠯᠡᠳᠬᠡᠬᠦ ᠬᠠᠷᠢᠭᠤᠴᠠᠨ ᠭᠦᠢᠴᠡᠳᠬᠡᠨ᠎ᠡ᠃      ︵ᠠᠷᠪᠠᠨ ᠨᠢᠭᠡ︶ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃      ︵ᠠᠷᠪᠠᠨ ᠬᠤᠶᠠᠷ︶ ᠠᠮᠢ ᠠᠬᠤᠢ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠤᠯᠢ ᠶᠢ ᠵᠥᠷᠢᠴᠡᠭᠰᠡᠨ ᠬᠦᠨᠳᠦ ᠶᠡᠭᠡ ᠠᠰᠠᠭᠤᠳᠠᠯ ᠢ ᠪᠠᠶᠢᠴᠠᠭᠠᠨ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠪᠠ ᠵᠣᠬᠢᠴᠠᠭᠤᠯᠵᠤ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠤᠯᠴᠠᠬᠤ ᠶᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠠᠷᠪᠠᠨ ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠣᠯᠠᠨ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠲᠤᠷᠠᠯᠴᠠᠭ᠎ᠠ ᠶᠢᠨ ᠳᠤᠮᠳᠠᠬᠢ ᠮᠠᠨ ᠤ ᠬᠤᠲᠠ ᠲᠠᠢ ᠬᠤᠯᠪᠣᠭᠳᠠᠬᠤ ᠠᠰᠠᠭᠤᠳᠠᠯ ᠤᠨ ᠲᠤᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠭᠠᠳᠠᠭᠠᠳᠤ ᠳᠤ ᠬᠤᠯᠪᠣᠭᠳᠠᠬᠤ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠣᠷᠣᠯᠴᠠᠨ᠎ᠠ᠃      ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠦᠬᠦ ᠬᠤᠳᠠ ᠶᠢᠨ ᠠᠮᠢ ᠠᠬᠤᠢ ᠪᠠ ᠬᠤᠳᠠ ᠬᠥᠳᠡᠭᠡ ᠶᠢᠨ ᠡᠯ᠎ᠡ ᠲᠦᠷᠦᠯ ᠤᠨ ᠪᠣᠬᠢᠷᠳᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠪᠠᠷ ᠢᠶᠠᠨ ᠣᠷᠣᠯᠴᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠨ᠂ ᠦᠵᠡᠰᠬᠦᠯᠡᠩᠲᠦ ᠰᠠᠶᠢᠬᠠᠨ ᠪᠠᠶᠠᠨᠨᠠᠭᠤᠷ ᠢ ᠪᠦᠲᠦᠭᠡᠨ ᠪᠠᠶᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ