ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/9
      2022 ᠤᠨ ᠤ 3 ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠄       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 2 ︵ᠪᠦᠭᠦᠳᠡ ᠬᠥᠬᠡᠬᠤᠲᠠ ᠳᠤ ᠪᠤᠢ︶ ᠨᠡᠮᠡᠭᠳᠡᠵᠡᠶ᠃ ᠲᠤᠬᠠᠢ ᠶᠢᠨ ᠭᠠᠵᠠᠷ ᠤᠨ 34 ᠲᠣᠳᠣᠯᠠᠭᠰᠠᠨ ᠡᠪᠡᠳᠴᠢᠨ ᠤ ᠵᠢᠱᠢᠶ᠎ᠡ ︵ᠡᠭᠦᠨ ᠳᠤ ᠬᠥᠬᠡᠬᠤᠲᠠ ᠳᠤ 32᠂ ᠪᠣᠭᠤᠲᠤ ᠬᠤᠲᠠ ᠳᠤ 1᠂ ᠪᠠᠶᠠᠨᠨᠠᠭᠤᠷ ᠬᠤᠲᠠ ᠳᠤ 1 ᠪᠤᠢ︶ ᠢᠯᠡᠷᠢᠰᠢᠵᠦ ᠡᠮᠨᠡᠯᠭᠡ ᠠᠴᠠ ᠭᠠᠷᠪᠠ᠃       3 ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 197 ᠪᠠᠶᠢᠵᠦ᠂ ᠡᠬᠦᠨ ᠳᠤ ᠬᠥᠬᠡᠬᠤᠲᠠ ᠳᠤ 163᠂ ᠪᠤᠭᠤᠳᠦ ᠬᠤᠳᠠ ᠳᠤ 20᠂ ᠬᠦᠯᠦᠨ ᠪᠦᠢᠷ ᠬᠤᠳᠠ ᠳᠤ 10᠂ ᠣᠷᠳᠣᠰ ᠬᠤᠲᠠ ᠳᠤ 3᠂ ᠪᠠᠶᠠᠨᠨᠠᠭᠤᠷ ᠬᠤᠳᠠ ᠳᠤ 1 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 1 ︵ᠪᠠᠶᠠᠨᠨᠠᠭᠤᠷ ᠬᠤᠳᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠶ᠃       2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 465 ᠪᠠᠶᠢᠵᠤ᠂ ᠡᠭᠦᠨ ᠳᠤ ᠬᠥᠬᠡᠬᠤᠲᠠ ᠳᠤ 420᠂ ᠪᠣᠭᠤᠲᠣ ᠬᠤᠲᠠ ᠳᠤ 25᠂ ᠬᠥᠯᠥᠨ ᠪᠤᠶᠢᠷ ᠬᠤᠲᠠ ᠳᠤ 14᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ 268 ᠪᠠᠶᠢᠨ᠎ᠠ᠂ ᠡᠭᠦᠨ ᠳᠤ ᠬᠥᠬᠡᠬᠤᠲᠠ ᠳᠤ 257᠂ ᠪᠣᠭᠤᠲᠤ ᠬᠤᠲᠠ ᠳᠤ 5᠂ ᠬᠥᠯᠥᠨ ᠪᠤᠶᠢᠷ ᠬᠤᠲᠠ ᠳᠤ 4᠂ ᠪᠠᠶᠠᠨᠨᠠᠭᠤᠷ ᠬᠤᠲᠠ ᠳᠤ 2 ᠪᠤᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ