ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/4/14
      ᠣᠳᠣᠬᠠᠨ ᠳᠤ ᠲᠠᠷᠢᠶᠠᠯᠠᠩ ᠤᠨ ᠦᠢᠯᠡᠳᠪᠦᠷᠢᠯᠡᠯ ᠪᠦᠬᠦ ᠲᠠᠯ᠎ᠠ  ᠪᠠᠷ ᠥᠷᠨᠢᠵᠦ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠪᠠ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠂ ᠪᠦᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ᠵᠢᠴᠢ 2021 ᠣᠨ ᠤ 8 ᠳ᠋ᠤᠭᠠᠷ ᠰᠠᠷ᠎ᠠ ᠶᠢᠨ 21᠎ ᠤ ᠡᠳᠦᠷ ᠤᠨ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ︽ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠭᠦᠯ ᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠲᠤᠬᠠᠢ ᠵᠠᠷᠯᠠᠯ︾᠎ ᠢ ᠦᠨᠳᠦᠰᠦᠯᠡᠨ᠂ ᠡᠳᠦᠭᠡ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠭᠦᠯ ᠢ ᠬᠤᠷᠢᠶᠠᠨ ᠠᠪᠬᠤ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠠᠵᠢᠯ ᠤᠨ ᠲᠤᠬᠠᠢ ᠳᠣᠣᠷᠠᠬᠢ ᠮᠡᠲᠦ ᠵᠠᠷᠯᠠᠶ᠎ᠠ᠄      ᠨᠢᠭᠡ᠂ ᠰᠦᠯᠢᠶᠥᠦ ᠪᠦᠷᠬᠦᠪᠴᠢ ᠶᠢᠨ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠵᠤᠵᠠᠭᠠᠨ ᠨᠢ 0.01mm᠎ ᠠᠴᠠ ᠳᠣᠷᠣᠭᠰᠢᠬᠢ ᠰᠦᠯᠢᠶᠥᠦ ᠪᠦᠷᠬᠦᠪᠴᠢ ᠶᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠪᠠᠷᠢᠮᠵᠢᠶᠠᠲᠤ ᠪᠤᠰᠤ ᠰᠦᠯᠢᠶᠥᠦ ᠪᠦᠷᠬᠦᠭᠦᠯ ᠢ ᠲᠣᠭᠲᠠᠭᠠᠯ ᠢ ᠵᠥᠷᠢᠴᠡᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠪᠠᠶᠢᠪᠠᠯ᠂ ᠬᠠᠤᠯᠢ ᠶᠢ ᠵᠥᠷᠢᠴᠡᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠦᠢᠯᠡᠳᠬᠦᠨ ᠤ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠶᠢᠨ 1 ᠳᠠᠬᠢᠨ ᠠᠴᠠ ᠳᠡᠭᠡᠭᠰᠢ 3 ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ︽ᠬᠡᠨ ᠬᠡᠷᠡᠭᠯᠡᠪᠡᠯ᠂ ᠬᠡᠨ ᠬᠤᠷᠢᠶᠠᠨ ᠠᠪᠬᠤ᠂ ᠬᠡᠨ ᠪᠣᠬᠢᠷᠲᠤᠭᠤᠯᠪᠠᠯ᠂ ᠬᠡᠨ ᠵᠠᠰᠠᠬᠤ︾ ᠵᠠᠷᠴᠢᠮ ᠶᠣᠰᠣᠭᠠᠷ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠬᠡᠷᠡᠭᠯᠡᠭᠴᠢ ᠨᠢ ᠬᠠᠪᠤᠷ ᠤᠨ ᠲᠠᠷᠢᠶᠠᠯᠠᠭ᠎ᠠ ᠎ ᠠᠴᠠ ᠡᠮᠦᠨᠡᠬᠢ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠠᠳᠬᠤᠵᠤ᠂ ︽ᠮᠠᠰᠢᠨ ᠢᠶᠠᠷ ᠠᠵᠢᠯᠯᠠᠬᠤ + ᠬᠥᠮᠥᠨ ᠤ ᠬᠦᠴᠦ ᠪᠠᠷ ᠲᠡᠭᠦᠬᠦ︾ ᠠᠷᠭ᠎ᠠ ᠮᠠᠶ᠋ᠢᠭ ᠢ ᠠᠪᠴᠤ ᠪᠠᠶᠢᠭᠠᠳ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠎ ᠠᠴᠠ ᠰᠠᠯᠭᠠᠬᠤ ᠶᠢ ᠲᠦᠷᠭᠡᠳᠬᠡᠵᠦ᠂ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ 85% ᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽2022 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠦᠯᠢᠶᠥᠦ ᠪᠦᠷᠬᠦᠪᠴᠢ ᠬᠡᠷᠡᠭᠯᠡᠭᠰᠡᠨ ᠪᠣᠯᠪᠠᠴᠤ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠎ ᠠᠴᠠ ᠰᠠᠯᠭᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠲᠠᠷᠢᠶᠠᠨ ᠭᠠᠵᠠᠷ ᠎ ᠠᠴᠠ ᠰᠠᠯᠤᠭᠰᠠᠨ ᠬᠠᠷᠢᠴᠠᠯ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠲᠠᠷᠢᠶᠠᠨ ᠭᠠᠵᠠᠷ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠠᠯᠭᠤᠷᠯᠠᠨ ᠥᠭᠬᠦ ᠪᠤᠶᠤ ᠣᠯᠭᠤᠬᠤ ᠶᠢ ᠲᠦᠷ ᠵᠣᠭᠰᠣᠭᠠᠨ᠎ᠠ᠃      ᠳᠥᠷᠪᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠎ ᠶᠢᠨ ᠨᠠᠶᠠᠨ ᠨᠠᠢᠮᠠᠳᠤᠭᠠᠷ ᠵᠦᠢᠯ ᠢ ᠦᠨᠳᠦᠰᠦᠯᠡᠪᠡᠯ᠂ ᠲᠣᠭᠲᠠᠭᠠᠯ ᠶᠣᠰᠣᠭᠠᠷ ᠦᠯᠡᠳᠡᠭᠳᠡᠯ ᠬᠠᠯᠢᠰᠤ ᠶᠢ ᠲᠡᠭᠦᠵᠦ ᠠᠪᠤᠭᠰᠠᠨ ᠦᠭᠡᠢ ᠪᠠᠶᠢᠪᠠᠯ᠂ ᠠᠵᠤ ᠠᠬᠤᠶᠢᠯᠠᠯ ᠪᠤᠶᠤ ᠬᠤᠷᠰᠢᠭᠰᠠᠨ ᠵᠣᠬᠢᠶᠠᠨ ᠪᠠᠶᠢᠭᠤᠯᠤᠯᠲᠠ ᠠᠴᠠ ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠂ ᠬᠤᠪᠢ ᠬᠥᠮᠥᠨ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ᠃      ᠲᠠᠪᠤ᠂ ᠲᠠᠷᠢᠶᠠᠯᠠᠩ ᠤᠨ ᠵᠤᠯᠤᠮ᠎ᠠ ᠪᠦᠷᠬᠦᠭᠦᠯ ᠢ ᠬᠡᠷᠡᠭᠯᠡᠭᠴᠢ ᠬᠠᠶᠠᠭᠳᠠᠮᠠᠯ ᠬᠠᠭᠤᠴᠢᠨ ᠵᠤᠯᠤᠮ᠎ᠠ ᠪᠦᠷᠬᠦᠭᠦᠯ ᠢ ᠳᠤᠷ᠎ᠠ ᠪᠠᠷ ᠢᠶᠠᠨ ᠪᠤᠯᠠᠵᠤ᠂ ᠬᠠᠶᠠᠵᠤ᠂ ᠰᠢᠲᠠᠭᠠᠬᠤ ᠪᠤᠶᠤ ᠬᠥᠷᠥᠰᠥᠨ ᠳᠤ ᠤᠷᠪᠠᠭᠤᠯᠵᠤ ᠪᠤᠯᠠᠵᠤ ᠪᠣᠯᠬᠤ ᠦᠭᠡᠢ᠂ ᠵᠥᠷᠢᠴᠡᠭᠰᠡᠳ ᠢ ᠰᠢᠶᠠᠩ ᠪᠠᠯᠭᠠᠰᠤ ᠪᠤᠶᠤ ᠲᠠᠷᠢᠶᠠᠯᠠᠩ ᠮᠠᠯ ᠠᠵᠤ ᠠᠬᠤᠢ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ ᠮᠦ ᠪᠦᠷᠢ ᠶᠢ 20 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠵᠢᠷᠭᠤᠭ᠎ᠠ᠂ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠶᠢ ᠵᠣᠷᠢᠭᠵᠢᠭᠤᠯᠬᠤ ᠶᠢᠨ ᠲᠥᠯᠥᠭᠡ᠂ ᠢᠳᠡᠪᠬᠢᠲᠡᠢ ᠪᠠᠷ ᠡᠭᠡᠭᠦᠯᠦᠨ ᠬᠤᠷᠢᠶᠠᠵᠤ ᠠᠰᠢᠭᠯᠠᠭᠰᠠᠨ ᠬᠡᠷᠡᠭᠯᠡᠭᠴᠢ ᠶᠢ ᠲᠠᠷᠢᠶᠠᠯᠠᠩ ᠳᠤ ᠬᠤᠯᠪᠣᠭᠳᠠᠬᠤ ᠵᠦᠢᠯᠡᠰ ᠤᠨ ᠨᠥᠬᠦᠪᠦᠷᠢ ᠣᠯᠬᠤ ᠪᠠᠷ ᠭᠤᠶᠤᠴᠢᠯᠠᠬᠤ ᠦᠶ᠎ᠡ ᠳᠤ ᠤᠷᠢᠳᠠᠪᠠᠷ ᠲᠡᠳᠬᠦᠨ ᠳᠡᠮᠵᠢᠨ᠎ᠡ︔ ᠦᠯᠡᠳᠡᠭᠳᠡᠯ ᠬᠠᠯᠢᠰᠤ ᠶᠢ ᠲᠡᠭᠦᠵᠦ ᠠᠪᠤᠭᠰᠠᠨ ᠦᠭᠡᠢ ᠪᠠᠶᠢᠪᠠᠯ᠂ ᠦᠯᠡᠳᠡᠭᠳᠡᠯ ᠬᠠᠯᠢᠰᠤ ᠶᠢ ᠬᠤᠷᠢᠶᠠᠨ ᠠᠪᠴᠤ ᠠᠰᠢᠭᠯᠠᠬᠤ ︽ᠨᠡᠷ᠎ᠡ ᠶᠢᠨ ᠬᠠᠷ᠎ᠠ ᠲᠠᠩᠰᠠ︾᠎ ᠳᠤ ᠵᠢᠭᠰᠠᠭᠠᠨ ᠣᠷᠣᠭᠤᠯᠵᠤ᠂ ᠠᠵᠤ ᠠᠬᠤᠶᠢᠯᠠᠯ᠂ ᠬᠤᠷᠰᠢᠶ᠎ᠠ ᠵᠡᠷᠭᠡ ᠵᠣᠬᠢᠶᠠᠨ ᠪᠠᠶᠢᠭᠤᠯᠤᠯᠲᠠ ᠨᠢ ᠭᠤᠷᠪᠠᠨ ᠵᠢᠯ ᠤᠨ ᠳᠣᠲᠣᠷ᠎ᠠ ᠲᠠᠷᠢᠶᠠᠯᠠᠩ ᠳᠤ ᠬᠤᠯᠪᠣᠭᠳᠠᠬᠤ ᠪᠣᠶ ᠪᠦᠬᠦᠢ ᠲᠥᠷᠥᠯ ᠵᠦᠢᠯ ᠤᠨ ᠨᠥᠬᠦᠪᠦᠷᠢ ᠶᠢ ᠭᠥᠷᠳᠡᠬᠦ ᠦᠭᠡᠢ︔ ᠬᠤᠪᠢ ᠬᠥᠮᠥᠨ ᠭᠠᠴᠠᠭ᠎ᠠ ᠪᠠᠯᠭᠠᠰᠤᠨ ᠳᠤ ᠬᠦᠷᠴᠦ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ ᠶᠢᠨ ᠭᠠᠷ ᠭᠦᠢᠴᠡᠳᠬᠡᠯ ᠬᠢᠬᠦ ᠶᠢ ᠬᠢᠵᠠᠭᠠᠷᠯᠠᠨ᠎ᠠ᠃                                    ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                        2022 ᠣᠨ ᠤ 3 ᠰᠠᠷ᠎ᠠ ᠶᠢᠨ 17᠎ ᠤ ᠡᠳᠦᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ